| 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ | ᠪᠤᠯ ᠵᠠᠰᠠᠭ ᠤᠨ ᠣᠷᠳᠣᠨ ᠬᠢᠭᠡᠳ ᠠᠷᠠᠳ ᠤᠯᠠᠨ ᠤ ᠳᠤᠮᠳᠠᠬᠢ ᠬᠤᠯᠪᠤᠭᠠᠰᠤ ᠪᠠᠶᠢᠵᠦ᠂ ᠦᠨᠳᠦᠰᠦᠲᠡᠨ ᠨᠦᠭᠦᠳ | ᠤᠨ ᠣᠯᠠᠨ ᠲᠦᠮᠡᠨ ᠳᠤ ᠴᠠᠭ ᠢᠮᠠᠬᠳᠠ ᠬᠠᠯᠠᠭᠤᠨ ᠳᠤᠯᠠᠭᠠᠨ ᠢ ᠮᠡᠳᠡᠷᠡᠬᠦᠯᠵᠦ ᠪᠠᠶᠢᠳᠠᠭ᠃ | ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ 12345 ᠠᠷᠠᠳ ᠲᠤ ᠲᠥᠬᠦᠮ ᠦᠵᠡᠭᠦᠯᠬᠦ | ᠦᠶᠯᠡᠴᠢᠯᠡᠭᠡᠨ ᠤ ᠬᠠᠯᠠᠮᠰᠢᠯ ᠤᠲᠠᠰᠤᠨ ᠤ ᠲᠥᠪ ᠲᠤ ᠬᠦᠷᠬᠦ ᠳᠤ ᠠᠵᠢᠯᠳᠠᠳ ᠲᠤᠰ ᠲᠤᠰ ᠤᠨ ᠠᠵᠢᠯ ᠤᠨ | ᠪᠠᠶᠢᠷᠢᠨ ᠳᠡᠭᠡᠷ᠎ᠡ ᠪᠠᠨ ᠶᠠᠭᠠᠷᠠᠯᠳᠠᠢ ᠠᠵᠢᠯᠯᠠᠵᠠᠭᠠᠨ᠎ᠠ᠃ ᠤᠳᠠᠰᠤ ᠵᠠᠯᠭᠠᠭᠴᠢ ᠠᠴᠠ ᠲᠣᠪᠴᠢ ᠠᠪᠰᠠᠷᠬᠠᠨ ᠦᠬᠡ | ᠶᠠᠷᠢᠶ᠎ᠠ ᠪᠠᠷ ᠪᠠᠶᠢᠳᠠᠯ ᠢ ᠨᠠᠷᠢᠨ ᠤᠶᠢᠯᠠᠭᠠᠨ ᠠᠩᠬᠠᠷᠤᠯ ᠲᠠᠢ ᠰᠤᠨᠤᠰᠴᠤ᠂ ᠠᠷᠠᠳ ᠤᠯᠠᠨ ᠤ ᠡᠷᠡᠭᠡᠯᠵᠡᠭᠡ ᠶᠢ | ᠠᠯᠳᠠᠷᠠᠭᠠᠳᠠᠭ ᠢᠶᠠᠷ ᠠᠳᠡᠬᠢ ᠨᠢ ᠤᠯᠠᠨ ᠲᠦᠮᠡᠨ ᠤ ᠰᠡᠳᠬᠢᠯ ᠤᠨ ᠳᠠᠭᠤᠨ ᠲᠥᠪᠯᠡᠷᠡᠭᠰᠡᠨ ᠭᠠᠵᠠᠷ ᠪᠣᠯᠬᠤ ᠪᠠᠷ | ᠪᠠᠷᠠᠬᠤ ᠦᠭᠡᠢ ᠨᠡᠩ ᠴᠤ ᠵᠠᠰᠠᠭ ᠤᠨ ᠣᠷᠳᠣᠨ ᠤ ᠠᠵᠢᠯ ᠤᠨ ᠴᠢᠬᠤᠯᠠ ᠵᠦᠭᠯᠡᠭᠦᠷ ᠪᠤᠯᠤᠭᠰᠠᠨ ᠪᠠᠶᠢᠨ᠎ᠠ᠃ | ᠰᠢᠯᠤᠭᠤᠨ ᠬᠥᠬᠡ ᠬᠤᠰᠢᠭᠤᠨ ᠤ 12345 ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ | ᠤᠲᠠᠰᠤ ᠨᠢ ᠭᠤᠤᠯᠳᠠᠭᠤ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ ᠦᠶᠯᠡᠴᠢᠯᠡᠭᠡ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠬᠦᠷᠢᠶ᠎ᠡ ᠬᠡᠪᠴᠢᠶᠠᠨ ᠳᠤ ᠠᠵᠤ ᠠᠬᠤᠶᠢᠯᠠᠯ ᠪᠠ ᠣᠯᠠᠨ ᠲᠦᠮᠡᠨ ᠤ ᠡᠯ᠎ᠡ ᠲᠥᠷᠥᠯ ᠤᠨ ᠪᠠᠴᠢᠮ | ᠪᠤᠰᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ᠂ ᠪᠣᠳᠠᠲᠠᠶ ᠵᠥᠪᠯᠡᠯᠭᠡ ᠥᠭᠬᠦ᠂ ᠲᠤᠰᠠᠯᠠᠮᠵᠢ ᠭᠤᠶᠤᠴᠢᠯᠠᠬᠤ᠂ | ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠦᠭᠭᠦ ᠵᠡᠷᠭᠡ ᠶᠢ ᠪᠠᠭᠳᠠᠭᠠᠳᠠᠭ᠃ 2024 ᠣᠨ ᠳᠤ᠂ | ᠰᠢᠯᠤᠭᠤᠨ ᠬᠥᠬᠡ ᠬᠤᠰᠢᠭᠤᠨ ᠤ 12345 ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ | ᠤᠲᠠᠰᠤᠨ ᠤ ᠲᠦᠪ ᠨᠢ ᠨᠡᠶᠢᠲᠡ 4581 ᠬᠤᠪᠢ ᠠᠵᠢᠯ ᠶᠠᠪᠣᠳᠠᠯ ᠢ ᠭᠥᠯᠢᠶᠡᠨ ᠠᠪᠴᠤ᠂ ᠡᠳᠦᠷ ᠪᠦᠷᠢ ᠳᠤᠮᠳᠠᠴᠢ | ᠪᠠᠷ 20 ᠬᠤᠪᠢ ᠣᠷᠴᠢᠮ ᠣᠴᠢᠷ ᠶᠠᠪᠣᠳᠠᠯ ᠢ ᠰᠢᠢᠳᠪᠦᠷᠢᠯᠡᠨ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ | ᠳᠠᠷᠤᠶᠢᠬᠠᠨ ᠭᠦᠶᠴᠡᠳᠬᠡᠬᠦ︾ ᠵᠠᠭᠪᠤᠷ ᠢᠶᠠᠷ ᠲᠣᠰᠬᠠᠠᠠᠰᠠᠨ ᠶᠠᠪᠣᠳᠠᠯ ᠨᠢᠭᠡᠪᠦᠷᠢ ᠶᠢ ᠳᠠᠷᠤᠢ ᠲᠦᠷᠭᠡᠨ | ᠰᠢᠶᠳᠪᠦᠷᠢᠯᠡᠬᠦ ᠶᠢ ᠪᠡᠶᠡᠯᠡᠭᠦᠯᠵᠡᠢ᠃ | ᠠᠵᠢᠯᠳᠠᠨ ᠰᠢᠤᠢ ᠶᠠ ᠵᠢᠶᠧ ᠬᠡᠯᠡᠬᠦ ᠳᠡᠭᠡᠨ᠄ ︽12345 ᠬᠠᠯᠠᠮᠰᠢᠯ ᠤᠲᠠᠰᠤ ᠨᠡᠪᠲᠡᠷᠡᠭᠰᠡᠨ ᠠᠴᠠ ᠨᠠᠭᠠᠰᠢ᠂ | ᠰᠢᠯᠤᠭᠤᠨ ᠬᠥᠬᠡ ᠬᠤᠰᠢᠭᠤ ᠨᠡᠶᠢᠲᠡ 1.2 ᠲᠦᠮᠡ ᠭᠠᠷᠤᠶ ᠠᠵᠢᠯ ᠶᠠᠪᠣᠳᠠᠯ ᠢ ᠭᠥᠯᠢᠶᠡᠨ ᠠᠪᠴᠤ ᠰᠢᠶᠳᠪᠦᠷᠢᠯᠡᠨ᠂ | ᠡᠳᠦᠷ ᠪᠦᠷᠢ ᠳᠤᠮᠳᠠᠴᠢ ᠪᠠᠷ 20 ᠬᠤᠪᠢ ᠶᠢ ᠭᠥᠯᠢᠶᠡᠨ ᠠᠪᠴᠠᠢ᠃ ᠮᠠᠨ ᠤ ᠬᠤᠰᠢᠭᠤᠨ ᠤ ᠦᠶᠯᠡᠴᠢᠯᠡᠭᠡᠨ ᠤ | ᠴᠢᠳᠠᠪᠤᠷᠢ ᠪᠠ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠭᠦᠯᠬᠦ ᠶᠢ ᠳᠠᠭᠠᠯᠳᠤᠨ | 12345 ᠬᠠᠯᠠᠮᠰᠢᠯ ᠤᠲᠠᠰᠤ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | 12345 ᠬᠠᠯᠠᠮᠰᠢᠯ ᠤᠳᠠᠰᠤ ᠶᠢ ᠳᠥᠭᠦᠮ ᠳᠥᠲᠡ᠂ ᠥᠨᠳᠥᠷ ᠪᠦᠲᠦᠮᠵᠢᠲᠡᠶ᠂ ᠵᠢᠷᠤᠮᠵᠢᠭᠤᠨ ᠵᠠᠰᠠᠭ ᠤᠨ ᠶᠠᠪᠤᠳᠠᠯ | ᠤᠨ ᠦᠶᠯᠡᠴᠢᠯᠡᠭᠡᠨ ᠤ ᠶᠡᠷᠦᠩᠬᠡᠶ ᠦᠶᠯᠡᠴᠢᠯᠡᠭᠡ ᠪᠣᠯᠭᠠᠵᠤ᠂ ᠠᠷᠠᠳ ᠣᠯᠠᠨ ᠤ ᠪᠠᠴᠢᠮ ᠲᠤᠯᠭᠠᠮ᠎ᠠ ᠬᠦᠴᠢᠷ | ᠲᠦᠪᠡᠭ ᠲᠠᠢ ᠠᠰᠠᠭᠤᠳᠠᠯ ᠪᠠ ᠬᠦᠰᠡᠯ ᠡᠷᠡᠮᠡᠯᠵᠡᠯ ᠢ ᠦᠨᠡᠨ ᠬᠦ ᠰᠢᠢᠳᠪᠦᠷᠢᠯᠡᠵᠦ ᠦᠭᠭᠦᠨ᠎ᠡ︾ ᠬᠡᠯᠡ᠃ | ᠰᠢᠯᠤᠭᠤᠨ ᠬᠥᠬᠡ ᠬᠤᠰᠢᠭᠤᠨ ᠤ 12345 ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠬᠠᠯᠠᠮᠰᠢᠯ | ᠤᠲᠠᠰᠤ ᠨᠢ ᠵᠠᠰᠠᠭ ᠤᠨ ᠣᠷᠳᠣᠨ ᠪᠠ ᠠᠷᠠᠳ ᠣᠯᠠᠨ ᠤ ᠪᠠᠲᠤ ᠪᠠᠬᠢ ᠬᠥᠭᠦᠷᠭᠡ ᠬᠤᠯᠪᠣᠭᠠᠰᠣ ᠪᠤᠯᠤᠭᠰᠠᠨ ᠤ | ᠬᠤᠪᠢ ᠳᠤ᠂ ᠪᠥᠬᠦ ᠵᠢᠯ ᠤᠨ ᠲᠤᠷᠰᠢ ᠦᠢᠯᠡᠴᠢᠯᠡᠭᠡ ᠪᠠᠨ ᠳᠠᠰᠤᠯᠳᠠᠭᠤᠯᠤᠯ ᠦᠭᠡᠢ ᠪᠠᠲᠤ ᠰᠠᠬᠢᠵᠦ᠂ ᠣᠯᠠᠨ | ᠲᠦᠮᠡᠨ ᠤ ᠬᠡᠷᠡᠭᠴᠡᠭᠡ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ | ᠢ ᠳᠡᠭᠡᠭᠰᠢᠯᠡᠭᠦᠯᠵᠡᠢ᠃ ᠬᠤᠶᠢᠰᠢᠳᠠ ᠰᠢᠯᠤᠭᠤᠨ ᠬᠥᠬᠡ ᠬᠤᠰᠢᠭᠤ 12345 ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠳᠠᠰᠤᠨ ᠤ ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠵᠦ᠂ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠦᠷᠭᠦᠯᠵᠢᠯᠡᠨ ᠬᠦᠴᠦᠨ ᠨᠡᠮᠡᠷᠢᠯᠡᠬᠦ ᠪᠣᠯᠤᠨ᠎ᠠ᠃ | |