ᠴᠠᠭᠠᠨ ᠰᠠᠷ᠎ᠠ ᠶᠢᠨ ᠦᠯᠵᠡᠶᠢᠳᠦ ᠪᠠᠶᠠᠷ ᠤᠨ ᠬᠤᠸᠠᠷ ᠫᠤᠤᠵᠢᠩ ᠤᠨ ᠦᠳᠡᠰᠢᠯᠡᠭᠡ ᠶᠢᠨ ᠪᠡᠯᠡᠳᠬᠡᠯ ᠠᠵᠢᠯ ᠡᠷᠴᠢᠮ ᠲᠠᠢ ᠶᠠᠪᠤᠠᠠᠳᠠᠵᠦ ᠪᠠᠶᠢᠨ᠎ᠠ
ᠨᠡᠶᠢᠲᠡᠯᠡᠭᠰᠡᠨ ᠴᠠᠭ᠄
2025/2/10
          ︽ᠲᠣᠮᠳᠠᠳᠣ ᠶᠢᠨ ᠴᠠᠭᠠᠨ ᠰᠠᠷ᠎ᠠ ᠦᠯᠵᠡᠶᠢᠳᠦ ᠰᠢᠯᠤᠭᠤᠨ ᠬᠦᠬᠡ︾ 2025 ᠣᠨ ᠤ ᠴᠠᠭᠠᠨ ᠰᠠᠷ᠎ᠠ  ᠶᠢᠨ ᠦᠯᠵᠡᠶᠢᠳᠦ ᠪᠠᠶᠠᠷ ᠤᠨ ᠰᠢᠷᠢᠰ ᠠᠵᠢᠯᠯᠠᠭ᠎ᠠ ᠶᠢᠨ ᠪᠡᠯᠡᠳᠬᠡᠯ ᠠᠵᠢᠯ ᠡᠷᠴᠢᠮ ᠲᠠᠢ ᠶᠠᠪᠤᠠᠠᠳᠠᠵᠦ ᠪᠠᠶᠢᠨ᠎ᠠ᠃         2 ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠤᠪᠢᠯᠠᠢ ᠠᠭᠤᠳᠠᠮ ᠲᠠᠯᠠᠪᠠᠢ ᠳᠤ ᠲᠠᠶᠢᠰᠠ ᠵᠠᠰᠠᠬᠤ ᠠᠵᠢᠯ ᠡᠮᠬᠢ ᠴᠡᠭᠴᠡ ᠲᠠᠢ ᠶᠠᠪᠤᠭᠳᠠᠵᠤ ᠪᠠᠶᠢᠬᠤ ᠶᠢ ᠣᠯᠵᠤ ᠬᠠᠷᠠᠯ᠎ᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠰᠢᠯᠤᠭᠤᠨ ᠬᠥᠬᠡ ᠬᠤᠰᠢᠭᠤᠨ ᠤ ᠠᠨᠳᠠ ᠬᠤᠸᠠᠷ ᠫᠤᠤᠵᠢᠩ ᠤᠨ ᠬᠢᠵᠠᠭᠠᠷᠲᠤ ᠺᠣᠮᠫᠠᠨᠢ ᠬᠤᠨᠠᠨ ᠤ ᠬᠤᠸᠠᠷ ᠫᠤᠤᠵᠢᠩ ᠤᠨ ᠪᠦᠯᠦᠭᠯᠡᠯ ᠲᠠᠢ ᠬᠠᠮᠲᠤᠷᠠᠨ ᠪᠠᠯᠠ ᠭᠠᠷᠭᠠᠨ ᠲᠡᠮᠵᠢᠵᠦ᠂ ᠡᠯ᠎ᠡ ᠵᠦᠶᠯ ᠤᠨ ᠬᠤᠸᠠᠷ ᠫᠤᠤᠵᠢᠩ  ᠤᠨ ᠲᠥᠷᠥᠯ ᠵᠦᠶᠯ ᠢ ᠰᠣᠩᠭᠤᠬᠤ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠲᠣᠬᠢᠷᠠᠭᠤᠯᠬᠤ ᠬᠦᠷᠲᠡᠯ᠎ᠡ ᠭᠤᠭᠴᠤᠭ᠎ᠠ ᠨᠢᠭᠡᠪᠦᠷᠢ ᠶᠢ ᠨᠠᠷᠢᠨ ᠨᠢᠮᠪᠠᠢ ᠶᠠᠪᠤᠭᠳᠠᠭᠤᠯᠵᠤ᠂ ᠳᠠᠬᠢᠨ ᠳᠠᠪᠲᠠᠨ ᠪᠠᠶᠢᠴᠠᠭᠠᠯᠳᠠ ᠬᠢᠵᠦ ᠪᠠᠶᠢᠯ᠎ᠠ᠃         ᠠᠨᠳᠠ ᠬᠤᠸᠠᠷ ᠫᠤᠤᠵᠢᠩ ᠤᠨ ᠺᠤᠮᠫᠠᠨᠢ ᠶᠢᠨ ᠳᠠᠭᠠᠭᠠᠮᠠᠯ ᠶᠣᠣ ᠶᠤᠸᠠᠨ ᠬᠡᠯᠡᠬᠦ ᠳᠡᠭᠡᠨ᠄ ︽ᠡᠨᠡ ᠵᠢᠯ ᠪᠣᠯ ᠠᠨᠳᠠ ᠬᠤᠸᠠᠷ ᠫᠤᠤᠵᠢᠩ ᠤᠨ ᠺᠤᠮᠫᠠᠨᠢ ᠠᠴᠠ ᠴᠠᠭᠠᠨ ᠰᠠᠷ᠎ᠠ ᠶᠢᠨ ᠦᠯᠵᠡᠶᠢᠳᠦ ᠪᠠᠶᠠᠷ ᠢ ᠪᠡᠯᠭᠡᠯᠡᠬᠦ ᠠᠵᠢᠯᠯᠠᠭ᠎ᠠ ᠦᠷᠨᠢᠬᠦᠯᠦᠭᠰᠡᠨ ᠲᠠᠪᠣᠳᠠᠬᠢ ᠵᠢᠯ ᠪᠣᠯᠤᠨ᠎ᠠ᠃ ᠥᠩᠭᠡᠷᠡᠭᠰᠡᠨ ᠤ ᠬᠢ ᠲᠠᠢ ᠠᠳᠠᠯᠢ ᠦᠭᠡᠢ ᠨᠢ ᠪᠢᠳᠡ ᠬᠤᠨᠠᠨ ᠤ ᠬᠤᠸᠠᠷ ᠫᠤᠤᠵᠢᠩ ᠤᠨ ᠪᠦᠯᠦᠭᠯᠡᠯ ᠲᠠᠢ ᠬᠠᠮᠳᠣᠷᠠᠨ ᠰᠢᠨ᠎ᠡ ᠬᠡᠯᠪᠡᠷᠢ ᠶᠢᠨ ᠬᠤᠸᠠᠷ ᠫᠤᠤᠵᠢᠩ ᠤᠨ ᠦᠳᠡᠰᠢᠯᠡᠭᠡ ᠪᠡᠯᠡᠳᠭᠡᠵᠦ ᠪᠤᠢ᠃ ᠲᠣᠰ ᠣᠳᠠᠭᠠᠨ ᠤ ᠬᠤᠸᠠᠷ ᠫᠤᠤᠵᠢᠩ ᠤᠨ ᠦᠳᠡᠰᠢᠯᠡᠭᠡ ᠶᠢ ᠤᠷᠠᠨ ᠰᠠᠶᠢᠬᠠᠨ ᠤ ᠲᠣᠭᠯᠠᠯᠲᠠ  ᠲᠠᠢ ᠤᠶᠠᠯᠳᠤᠭᠤᠯᠤᠨ᠂ ᠲᠣᠮᠣ ᠬᠡᠯᠪᠡᠷᠢ ᠶᠢᠨ ᠥᠯᠵᠡᠶᠢᠲᠦ ᠡᠭᠦᠯᠡ᠂ ᠰᠦᠯᠵᠢᠶᠡᠨ ᠬᠠᠯᠠᠮᠰᠢᠯ ᠪᠤᠯᠤᠭᠰᠠᠨ ᠦᠶᠯᠡᠳᠬᠦᠨ ᠵᠡᠷᠭᠡ ᠶᠢ ᠴᠦ ᠳᠡᠯᠭᠡᠨ ᠦᠵᠡᠭᠦᠯᠵᠦ᠂ ᠣᠯᠠᠨ ᠳᠤ ᠰᠠᠶᠢᠨ ᠰᠠᠶᠢᠬᠠᠨ ᠪᠠᠶᠠᠷ ᠤᠨ ᠡᠳᠦᠷ ᠤᠨ ᠲᠣᠷᠠᠳᠬᠠᠯ ᠦᠯᠡᠳᠡᠬᠡᠬᠦ ᠪᠣᠯᠣᠨ᠎ᠠ︾ ᠬᠡᠯ᠎ᠡ᠃          ᠠᠵᠢᠯᠯᠠᠭ᠎ᠠ ᠨᠢ 2 ᠰᠠᠷ᠎ᠠ ᠶᠢᠨ 12 ᠤᠨ ᠦᠳᠡ ᠶᠢᠨ ᠬᠤᠶᠢᠨᠠᠬᠢ 7 ᠴᠠᠭ ᠲᠤ ᠡᠬᠢᠯᠡᠬᠦ ᠪᠠᠷ ᠪᠠᠶᠢᠵᠦ᠂ ᠦᠵᠡᠭᠴᠢᠳ ᠢ ᠴᠠᠭᠠᠨ ᠰᠠᠷ᠎ᠠ ᠶᠢᠨ ᠦᠯᠵᠡᠶᠢᠳᠦ ᠪᠠᠶᠠᠷ ᠢᠶᠠᠷ ᠬᠤᠪᠢᠯᠠᠢ ᠠᠭᠤᠳᠠᠮ ᠲᠠᠯᠠᠪᠠᠢ ᠳᠤ ᠴᠤᠭᠯᠠᠷᠠᠭᠤᠯᠵᠤ᠂ ᠴᠠᠰᠤ ᠮᠦᠰᠦᠨ ᠤ ᠳᠤᠮᠳᠠ ᠪᠠᠶᠠᠷ ᠪᠠᠭ᠋ᠠᠳᠣᠯᠳᠣ ᠴᠠᠭ ᠮᠦᠴᠡ ᠶᠢ ᠬᠠᠮᠳᠤ ᠳᠠᠭᠠᠨ ᠳᠡᠮᠳᠡᠭᠯᠡᠬᠦ ᠪᠣᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号