ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠳᠤ ᠲᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/10
     2 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠳᠤ ᠳᠤᠭᠤᠶᠢᠯᠠᠩ ᠤᠨ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠪᠦᠯᠬᠦᠮᠳᠡᠯ ᠤᠨ ᠲᠤᠬᠠᠶ ᠴᠢᠬᠤᠯᠠ ᠥᠭᠦᠯᠡᠯᠲᠡ ᠶᠢᠨ ᠲᠡᠭᠦᠪᠦᠷᠢ᠂ ︽ᠰᠢ ᠶᠢᠨ ᠫᠢᠩ ᠤᠨ ᠵᠣᠬᠢᠶᠠᠯ ᠤᠨ ᠲᠡᠭᠦᠪᠦᠷᠢ ︵ᠬᠤᠶᠠᠳᠤᠭᠠᠷ ᠪᠣᠲᠢ︶︾ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ  ᠤᠨ ᠦᠨᠳᠦᠰᠦ︾᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠰᠦᠨ ᠱᠣᠤ ᠴᠧᠩ ᠱᠦᠵᠢ ᠶᠢᠨ ᠶᠠᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ  ᠶᠢᠨ ᠭᠤᠤᠯ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠳᠡᠭᠡᠷᠡᠬᠢ ᠵᠠᠩ ᠪᠠᠶ ᠴᠧᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ︾ ᠶᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠰᠤᠷᠤᠯᠴᠠᠵᠠᠢ᠃     ᠬᠤᠷᠠᠯ ᠠᠴᠠ᠂ ᠪᠥᠬᠦ ᠬᠤᠰᠢᠭᠤ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠢᠯᠣᠭᠤᠳᠴᠤ ︽ᠲᠠᠪᠤ ᠶᠢ ᠮᠡᠳᠡᠷᠡᠬᠦ︾ ︽ᠳᠥᠷᠪᠡ ᠶᠢ ᠬᠠᠮᠲᠤ  ᠪᠠᠷ ᠪᠡᠶᠡᠯᠡᠭᠦᠯᠬᠦ︾ ᠶᠢ ᠲᠠᠰᠤᠷᠠᠯᠲᠠ ᠥᠬᠡᠶ ᠴᠢᠩᠭᠠᠳᠬᠠᠨ᠂ ᠦᠨᠳᠦᠰᠦᠲᠡᠨ ᠤ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠢ ᠨᠠᠷᠢᠨ ᠬᠢᠨᠠᠮᠠᠭᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠠᠷᠠᠯᠲᠠ ᠡᠭᠦᠷᠭᠡ ᠶᠢ ᠤᠷᠢᠳᠴᠢᠯᠠᠨ ᠲᠥᠯᠥᠪᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠂ ᠦᠨᠳᠦᠰᠦᠲᠡᠨ ᠨᠦᠭᠦᠳ ᠤᠨ ᠣᠷᠣᠨ ᠵᠠᠶ᠂ ᠰᠣᠶᠣᠯ᠂ ᠠᠵᠤ ᠠᠬᠤᠶ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠠᠭᠤᠰᠤᠯᠴᠠᠬᠤ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠨᠢᠭᠲᠠᠷᠠᠯ ᠤᠨ ᠬᠦᠴᠦᠨ᠂ ᠲᠥᠪᠯᠡᠩᠭᠦᠢ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠯ᠎ᠠ᠃      ᠬᠤᠷᠠᠯ ᠠᠴᠠ᠂ ᠪᠦᠬᠦ ᠬᠤᠰᠢᠭᠤ ᠪᠠᠷ ᠢᠶᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ ᠪᠣᠯᠤᠨ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ︾ ᠶᠢ ᠴᠢᠩᠭ᠎ᠠ ᠠᠩᠬᠠᠷᠴᠤ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠳᠡᠢ ᠪᠡᠶ᠎ᠡ ᠪᠠᠨ ᠴᠢᠩᠭ᠎ᠠ ᠱᠠᠭᠠᠷᠳᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠡᠯᠪᠡᠷᠢᠴᠢ ᠦᠵᠡᠯ ᠢ ᠴᠡᠭᠴᠡᠯᠡᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠤᠷᠴᠢᠨ ᠲᠤᠭᠤᠷᠢᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ ᠪᠦᠷᠢᠯᠳᠦᠬᠦᠨ ᠬᠤᠷᠠᠯ ᠳᠤ ᠤᠷᠤᠯᠴᠠᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号