︽ᠬᠤᠳᠠ ᠪᠠᠯᠭᠠᠰᠤᠨ ᠤ ᠰᠠᠬᠢᠨ ᠬᠠᠮᠠᠭᠠᠯᠠᠭᠴᠢᠳ︾ ᠲᠤ ᠬᠦᠨᠳᠦᠳᠭᠡᠯ ᠳᠡᠪᠰᠢᠭᠦᠯᠦᠶ᠎ᠡ
ᠨᠡᠶᠢᠲᠡᠯᠡᠭᠰᠡᠨ ᠴᠠᠭ᠄
2025/2/10
     ᠴᠠᠭᠠᠨ ᠰᠠᠷ᠎ᠠ ᠶᠢᠨ ᠬᠤᠭᠤᠴᠠᠭᠠᠨ ᠳᠤ ᠬᠦᠢᠳᠡᠨ ᠠᠭᠤᠷ ᠠᠮᠢᠰᠬᠤᠯ ᠤᠨ ᠨᠦᠯᠦᠭᠡᠯᠡᠯ ᠢᠶᠠᠷ ᠠᠭᠠᠷ ᠤᠨ ᠲᠤᠯᠠᠭᠠᠨ ᠲᠤᠷᠤᠭᠰᠢᠯᠠᠵᠤ ᠬᠡᠨᠡᠳᠳᠡ ᠬᠦᠢᠳᠡᠷᠡᠭᠰᠡᠨ ᠨᠢ ᠬᠤᠳᠠ ᠪᠠᠯᠭᠠᠰᠤᠨ ᠤ ᠠᠷᠢᠭᠤᠨ ᠴᠡᠪᠡᠷ ᠤᠨ ᠠᠵᠢᠯᠴᠢᠳ  ᠤᠨ ᠠᠵᠢᠯ ᠳᠤ ᠬᠠᠳᠠᠭᠤ ᠰᠢᠯᠭᠠᠯᠳᠠ ᠶᠢ ᠠᠪᠴᠢᠷᠠᠯ᠎ᠠ᠃ ᠠᠶᠢᠯ ᠪᠤᠯᠭᠠᠨ ᠪᠢᠳᠡᠭᠦᠨ ᠤ ᠵᠠᠭᠤᠰᠢ ᠪᠠᠷ ᠰᠢᠷᠡᠭᠡ ᠲᠦᠭᠦᠷᠭᠡᠵᠦ᠂ ᠪᠠᠶᠠᠷ ᠬᠦᠷ ᠲᠠᠢ ᠴᠠᠭᠠᠨ ᠰᠠᠷ᠎ᠠ ᠪᠠᠨ ᠤᠭᠳᠤᠵᠤ ᠪᠠᠶᠢᠬᠤ ᠳᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠳ ᠬᠠᠷᠢᠨ ᠬᠡᠷ ᠪᠦᠯᠢ ᠶᠢᠨ ᠬᠢᠨ ᠲᠠᠢ ᠪᠠᠨ ᠴᠤᠭᠯᠠᠷᠠᠨ ᠨᠠᠶᠢᠷᠯᠠᠯᠳᠠᠬᠤ ᠴᠠᠭ ᠮᠦᠴᠡ ᠪᠠᠨ ᠳᠠᠶᠠᠭᠳᠠᠵᠤ᠂ ᠠᠵᠢᠯ ᠤᠨ ᠪᠠᠶᠢᠷᠢ ᠪᠠᠨ ᠰᠠᠬᠢᠭᠰᠠᠭᠠᠷ ᠪᠠᠶᠢᠨ᠎ᠠ᠃      ᠶᠠᠩ ᠢᠦᠢ ᠮᠧᠶ ᠣᠷᠴᠢᠨ ᠲᠤᠭᠤᠷᠢᠨ ᠤ ᠴᠡᠪᠡᠷᠯᠡᠭᠡᠨ ᠤ ᠠᠵᠢᠯ ᠢ ᠬᠢᠭᠡᠳ ᠨᠢᠭᠡᠨᠲᠡ 4 ᠵᠢᠯ ᠪᠤᠯᠵᠤ ᠪᠤᠢ᠃ ᠳᠡᠷᠡ ᠭᠤᠤᠯᠳᠠᠭᠤ ᠬᠤᠲᠠ ᠲᠣᠭᠤᠷᠢᠭ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠢ ᠬᠠᠷᠢᠭᠤᠴᠠᠵᠤ᠂ ᠦᠷ ᠤᠨ ᠬᠠᠷᠠᠩᠭᠤᠢ ᠠᠴᠠ ᠦᠳᠡᠰᠢ ᠶᠢᠨ ᠪᠦᠷᠦᠢ ᠪᠤᠯᠳᠠᠯ᠎ᠠ ᠬᠤᠶᠠᠷ ᠦᠵᠦᠬᠦᠷ ᠤᠨ ᠨᠠᠷᠠ ᠶᠢ ᠬᠤᠯᠪᠤᠵᠤ ᠠᠵᠢᠯᠯᠠᠬᠤ ᠨᠢ ᠲᠡᠭᠦᠨ ᠤ  ᠠᠵᠢᠯ ᠠᠮᠢᠳᠤᠷᠠᠯ ᠤᠨ ᠵᠤᠷᠰᠢᠯ ᠪᠤᠯᠵᠠᠢ᠃ ᠰᠤᠷᠪᠤᠯᠵᠢᠯᠠᠭᠴᠢ ᠲᠡᠭᠦᠨ ᠲᠠᠢ ᠠᠭᠤᠯᠵᠠᠬᠤ  ᠳᠤ᠂ ᠲᠡᠷᠡ ᠶᠠᠭ ᠬᠠᠮᠳᠤ ᠠᠵᠢᠯᠴᠢᠳ ᠲᠠᠢ ᠪᠠᠨ ᠵᠡᠭᠡᠯᠢ ᠶᠢᠨ ᠬᠠᠵᠠᠭᠤᠳᠠᠬᠢ ᠬᠤᠷᠠᠭᠰᠠᠨ ᠴᠠᠰᠤ ᠶᠢ ᠴᠡᠪᠡᠷᠯᠡᠵᠦ ᠪᠠᠶᠢᠯ᠎ᠠ᠃ ᠶᠡᠩ ᠢᠦᠢ ᠮᠸᠢ ᠰᠤᠷᠪᠤᠯᠵᠢᠯᠠᠭᠴᠢ ᠳᠤ᠄ ︽ᠴᠠᠭᠠᠨ ᠰᠠᠷ᠎ᠠ ᠤᠯᠠᠨ ᠢᠶᠠᠷ ᠢᠶᠠᠨ ᠴᠦᠮ ᠭᠠᠳᠠᠭᠰᠢ ᠳᠤᠳᠤᠭᠰᠢ ᠶᠠᠪᠤᠵᠤ ᠲᠤᠭᠤᠷᠢᠨ ᠨᠠᠭᠠᠳᠤᠳᠠᠭ ᠶᠤᠮ᠃ ᠡᠶᠢᠮᠦ ᠠᠴᠠ ᠪᠢᠳᠡ ᠣᠷᠴᠢᠨ ᠲᠣᠭᠤᠷᠢᠨ ᠢ ᠰᠠᠶᠢᠲᠤᠷ ᠴᠡᠪᠡᠷᠯᠡᠵᠦ᠂ ᠤᠯᠠᠨ ᠢ ᠠᠮᠤᠷ ᠲᠦᠪᠰᠢᠨ ᠶᠠᠪᠤᠵᠤ ᠰᠠᠭᠤᠬᠤ ᠶᠢ ᠪᠠᠳᠤᠯᠠᠬᠤ ᠬᠡᠷᠡᠭᠳᠡᠢ︾ ᠭᠡᠵᠦ ᠶᠠᠷᠢᠯ᠎ᠠ᠃ ᠠᠵᠢᠯ  ᠢᠶᠠᠨ ᠬᠢᠵᠦ ᠪᠠᠶᠢᠬᠤ ᠱᠠᠯᠠᠮᠠᠭ ᠬᠦᠳᠡᠯᠭᠡᠭᠡᠨ᠂ ᠡᠭᠡᠯ ᠪᠣᠷᠣᠭᠵᠢᠭᠤᠨ ᠦᠭᠡ ᠶᠠᠷᠢᠶ᠎ᠠ ᠠᠴᠠ ᠨᠢ ᠪᠢᠳᠡ ᠳᠡᠭᠦᠨ ᠤ ᠠᠵᠢᠯ ᠦᠢᠯᠡᠰ ᠢᠶᠠᠨ ᠬᠡᠰᠡᠨ ᠬᠠᠷᠢᠭᠤᠴᠠᠯᠭ᠎ᠠ ᠡᠭᠦᠷᠭᠡᠯᠡᠯ ᠢ ᠳᠤᠳᠤ ᠤᠯᠵᠤ ᠬᠠᠷᠠᠭᠰᠠᠨ ᠶᠤᠮ᠃    ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠦᠶᠲᠡᠨ ᠠᠭᠤᠷ ᠠᠮᠢᠰᠬᠤᠯ ᠳᠤ ᠬᠠᠨᠳᠤᠭᠤᠯᠤᠨ᠂ ᠰᠠᠭᠤᠭᠠᠯᠢ ᠠᠷᠠᠳ ᠤᠨ ᠠᠮᠤᠷ ᠲᠦᠪᠰᠢᠨ ᠶᠠᠪᠤᠵᠤ ᠰᠠᠭᠤᠬᠤ ᠶᠢ ᠪᠠᠲᠤᠯᠠᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠢᠦᠢ ᠴᠧᠩ ᠣᠷᠴᠢᠨ ᠲᠣᠭᠤᠷᠢᠨ ᠤ ᠦᠶᠯᠡᠴᠢᠯᠡᠭᠡᠨ ᠤ ᠬᠢᠵᠠᠭᠠᠷᠲᠤ ᠺᠣᠮᠫᠠᠨᠢ ᠲᠠᠢ ᠬᠠᠮᠳᠤᠷᠠᠯᠴᠠᠨ ᠨᠠᠷᠢᠨ ᠨᠢᠮᠪᠠᠶ ᠲᠥᠯᠥᠪᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠬᠡᠷᠡᠭᠵᠢᠬᠦᠯᠵᠡᠢ᠃ ᠴᠡᠴᠡᠷᠯᠢᠭ᠂ ᠠᠭᠤᠳᠠᠮ ᠲᠠᠯᠠᠪᠠᠶ ᠪᠣᠯᠤᠨ ᠶᠠᠪᠠᠭᠠᠨ ᠬᠥᠮᠦᠨ ᠤ ᠵᠠᠮ ᠵᠡᠷᠭᠡ ᠭᠤᠣᠯᠳᠠᠯᠭ᠎ᠠ ᠲᠠᠢ ᠭᠠᠵᠠᠷ ᠤᠨ ᠴᠠᠰᠤ ᠮᠦᠰᠦ ᠶᠢ ᠮᠠᠰᠢᠨ ᠢᠶᠠᠷ ᠴᠡᠪᠡᠷᠯᠡᠬᠦ ᠡᠷᠴᠢᠮ ᠢᠶᠠᠨ ᠨᠡᠮᠡᠭᠳᠡᠭᠦᠯᠵᠦ᠂ ᠬᠥᠮᠦᠨ ᠮᠠᠰᠢᠨ ᠬᠠᠮᠲᠤᠷᠠᠨ ᠬᠥᠳᠡᠯᠦᠯᠴᠡᠬᠦ ᠠᠵᠢᠯ ᠤᠨ ᠵᠠᠭᠪᠤᠷ ᠢᠶᠠᠷ ᠪᠦᠬᠦ ᠠᠵᠢᠯᠲᠠᠨ 24 ᠴᠠᠭ ᠤᠨ ᠲᠤᠷᠰᠢ ᠠᠵᠢᠯ ᠤᠨ ᠪᠠᠶᠢᠷᠢ ᠪᠠᠨ ᠡᠭᠡᠯᠵᠢᠯᠡᠨ ᠰᠠᠬᠢᠬᠤ ᠳᠦᠷᠢᠮ ᠢ ᠴᠢᠩᠭ᠎ᠠ ᠭᠡᠷᠡᠭᠵᠢᠬᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠵᠡᠭᠡᠯᠢ ᠭᠤᠳᠤᠮᠵᠢ ᠶᠢᠨ ᠠᠷᠢᠭᠤᠨ ᠴᠡᠪᠡᠷ ᠪᠠ ᠰᠠᠭᠠᠳ ᠦᠭᠡᠶ ᠨᠡᠪᠲᠡᠷᠡᠬᠦ ᠶᠢ ᠪᠠᠳᠤᠯᠠᠵᠤ ᠪᠤᠢ᠃      ᠰᠢᠯᠤᠭᠤᠨ ᠬᠥᠬᠡ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠮᠥ ᠵᠢᠩ ᠢᠦᠢ᠄ ︽ᠴᠠᠭᠠᠨ ᠰᠠᠷ᠎ᠠ ᠶᠢᠨ ᠬᠤᠭᠤᠴᠠᠭᠠᠨ ᠳᠤ ᠱᠠᠩᠳᠤ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ ᠶᠢᠨ ᠲᠥᠯᠥᠭᠡ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠲᠤᠰᠬᠠᠶᠢᠯᠠᠨ ᠪᠠᠶᠢᠷᠢᠯᠠᠭᠤᠯᠤᠯᠳᠠ ᠬᠢᠵᠡᠢ᠃ ᠣᠳᠣᠬᠠᠨ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠯᠪᠠᠨ ᠬᠡᠷ ᠤᠨ ᠪᠥᠬᠦ ᠠᠵᠢᠯᠲᠠᠨ ᠴᠠᠭᠠᠨ ᠰᠠᠷ᠎ᠠ  ᠶᠢᠨ ᠬᠤᠭᠤᠴᠠᠭᠠᠨ ᠳᠤ ᠠᠮᠠᠷᠠᠬᠤ ᠥᠬᠡᠶ ᠪᠠᠷ ᠵᠡᠭᠡᠯᠢ ᠭᠤᠳᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠪᠠ ᠬᠤᠭᠤᠯᠠᠨ ᠬᠡᠷ ᠤᠨ ᠬᠤᠭ ᠨᠣᠪᠰᠢ ᠶᠢ ᠡᠳᠦᠷ ᠪᠦᠷᠢ ᠴᠡᠪᠡᠷᠯᠡᠬᠦ ᠶᠢ ᠪᠠᠳᠤᠯᠠᠨ᠂ ᠴᠠᠰᠤ ᠴᠡᠪᠡᠷᠯᠡᠬᠦ ᠲᠥᠬᠦᠭᠡᠷᠦᠮᠵᠢ ᠶᠢ ᠪᠠᠶᠢᠴᠠᠭᠠᠵᠤ᠂ ᠬᠠᠬᠢᠷ ᠬᠦᠶᠲᠡᠨ ᠴᠠᠭ ᠠᠭᠤᠷ ᠢ ᠠᠷᠭᠠᠴᠠᠭᠠᠨ᠂ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ︾ ᠭᠡᠯ᠎ᠡ᠃      ᠰᠢᠯᠤᠭᠤᠨ ᠬᠦᠬᠡ ᠬᠤᠰᠢᠭᠤᠨ ᠤ ᠢᠦᠢ ᠴᠧᠩ ᠣᠷᠴᠢᠨ ᠲᠣᠭᠤᠷᠢᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠶᠧ ᠶᠦᠩ᠄ ︽ᠴᠠᠭᠠᠨ ᠰᠠᠷ᠎ᠠ ᠶᠢᠨ ᠬᠤᠭᠤᠴᠠᠭᠠᠨ ᠳᠤ ᠢᠦᠢ ᠴᠧᠩ ᠣᠷᠴᠢᠨ ᠲᠣᠭᠤᠷᠢᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ 174 ᠠᠵᠢᠯᠳᠠᠨ ᠪᠦᠭᠦᠳᠡᠭᠡᠷ ᠢᠶᠠᠨ ᠠᠵᠢᠯ  ᠤᠨ ᠪᠠᠶᠢᠷᠢ ᠪᠠᠨ ᠰᠡᠬᠢᠵᠦ᠂ 23 ᠲᠤᠮᠤ ᠬᠡᠯᠪᠡᠷᠢ ᠶᠢᠨ ᠴᠡᠪᠡᠷᠯᠡᠨ ᠲᠡᠭᠡᠭᠡᠪᠦᠷᠢᠯᠡᠬᠦ ᠮᠠᠰᠢᠨ ᠲᠥᠬᠦᠭᠡᠷᠦᠮᠵᠢ ᠴᠠᠭ ᠢᠮᠠᠬᠳᠠ ᠪᠡᠯᠡᠳᠭᠡᠯ ᠲᠠᠢ ᠪᠠᠶᠢᠵᠦ᠂ ᠬᠦᠢᠳᠡᠨ ᠠᠭᠤᠷ ᠠᠮᠢᠰᠬᠤᠯ ᠤᠨ ᠪᠠᠶᠢᠳᠠᠯ ᠳᠤᠤᠷ᠎ᠠ ᠰᠢᠯᠤᠭᠤᠨ ᠬᠦᠬᠡ ᠬᠤᠰᠢᠭᠤᠨ ᠤ ᠤᠯᠠᠨ ᠲᠦᠮᠡᠨ ᠳᠤ ᠠᠷᠢᠭᠤᠨ ᠴᠡᠪᠡᠷ ᠲᠠᠭᠠᠯᠠᠮᠵᠢᠲᠠᠢ ᠠᠮᠤᠷ ᠲᠦᠪᠰᠢᠨ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠤᠢ ᠪᠤᠯᠭᠠᠵᠤ ᠦᠭᠭᠦ ᠪᠠᠷ ᠴᠢᠷᠮᠠᠶᠢᠵᠦ ᠪᠤᠢ︾ ᠭᠡᠯ᠎ᠡ᠃     ᠶᠠᠭ ᠡᠲᠡᠭᠡᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠬᠠᠬᠢᠷ ᠬᠦᠶᠲᠡᠨ ᠢ ᠰᠦᠷᠦᠨ ᠰᠢᠷᠭᠠᠭᠤ ᠬᠦᠳᠡᠯᠮᠦᠷᠢᠯᠡᠵᠦ ᠪᠠᠶᠢᠳᠠᠭ ᠠᠴᠠ ᠮᠠᠨ ᠤ ᠬᠤᠳᠠ ᠪᠠᠯᠭᠠᠰᠤ ᠢᠮᠠᠬᠳᠠ ᠠᠷᠢᠭᠤᠨ ᠴᠡᠪᠡᠷ᠂ ᠲᠠᠭᠠᠯᠠᠮᠵᠢᠳᠠᠢ ᠰᠠᠶᠢᠬᠠᠨ ᠪᠠᠶᠢᠳᠠᠭ ᠶᠤᠮ᠃ ᠪᠢᠳᠡ ᠡᠳᠡᠭᠡᠷ ︽ᠬᠤᠳᠠ ᠪᠠᠯᠭᠠᠰᠤᠨ ᠤ ᠰᠠᠬᠢᠨ ᠬᠠᠮᠠᠭᠠᠯᠠᠭᠴᠢᠳ︾ ᠲᠠᠭᠠᠨ ᠬᠦᠨᠳᠦᠳᠭᠡᠯ ᠳᠡᠪᠰᠢᠭᠦᠯᠦᠶ᠎ᠡ︕ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号