ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠰᠢᠯᠤᠭᠤᠨ ᠬᠥᠬᠡ ᠬᠤᠰᠢᠭᠤᠨ ᠤ ᠢᠳᠡᠭᠡᠨ ᠤᠮᠳᠠᠭᠠᠨ ᠤ | ᠡᠯ᠎ᠡ ᠲᠣᠮᠣ ᠡᠵᠡᠩᠨᠡᠯᠳᠠ ᠶᠢᠨ ᠭᠠᠵᠠᠷ ᠤᠨ ᠵᠠᠬᠢᠶᠠᠯᠠᠭ᠎ᠠ ᠮᠡᠳᠡᠭᠳᠡᠮ᠎ᠡ ᠨᠡᠮᠡᠭᠳᠡᠵᠦ᠂ ᠭᠡᠷ ᠬᠤᠳᠠᠯᠠᠭᠠᠷ ᠰᠠᠳᠤᠨ ᠲᠦᠷᠦᠯ | ᠬᠠᠮᠳᠤ ᠳᠠᠭᠠᠨ ᠴᠤᠭᠯᠠᠷᠠᠨ ᠨᠠᠶᠢᠷᠯᠠᠯᠳᠤᠵᠤ ᠪᠠᠶᠢᠯ᠎ᠠ᠃ ᠰᠤᠷᠪᠤᠯᠵᠢᠯᠠᠭᠴᠢ ︽ᠰᠠᠶᠢᠨ ᠰᠠᠶᠢᠨ︾ ᠬᠠᠯᠠᠭᠤᠨ | ᠲᠣᠭᠤᠭᠠᠨ ᠤ ᠭᠠᠵᠠᠷ ᠬᠦᠷᠬᠦ ᠳᠤ ᠰᠢᠷᠡᠭᠡ ᠲᠦᠭᠦᠷᠡᠩ ᠵᠤᠴᠢᠳ ᠰᠠᠭᠤᠯᠴᠠᠵᠤ᠂ ᠴᠠᠭᠠᠨ ᠰᠠᠷ᠎ᠠ ᠶᠢᠨ ᠠᠭᠤᠷ | ᠠᠮᠢᠰᠬᠤᠯ ᠪᠢᠯᠬᠠᠨ᠎ᠠ᠃ | ︽ᠰᠠᠶᠢᠨ ᠰᠠᠶᠢᠨ︾ ᠬᠠᠯᠠᠭᠤᠨ ᠲᠣᠭᠤᠭᠠᠨ ᠤ ᠭᠠᠵᠠᠷ ᠪᠣᠯ ᠰᠢᠯᠤᠭᠤᠨ ᠬᠥᠬᠡ ᠬᠤᠰᠢᠭᠤᠨ ᠤ | ᠰᠠᠶᠢᠨᠬᠤᠳᠳᠤᠭ ᠰᠤᠮᠤᠨ ᠤ 12 ᠭᠠᠴᠠᠭ᠎ᠠ ᠬᠠᠮᠲᠤ ᠪᠠᠷ ᠪᠠᠯᠠ ᠭᠠᠷᠭᠠᠵᠤ ᠪᠠᠶᠢᠭᠤᠯᠤᠭᠰᠠᠨ ᠪᠣᠳᠠᠲᠤ ᠴᠣᠭᠴᠠ ᠶᠢᠨ | ᠠᠵᠤ ᠠᠬᠤᠶᠢᠯᠠᠯ ᠪᠣᠯᠤᠨ᠎ᠠ᠃ ᠴᠠᠭᠠᠨ ᠰᠠᠷ᠎ᠠ ᠠᠴᠠ ᠡᠮᠦᠨ᠎ᠡ ᠥᠪᠥᠷ ᠮᠣᠩᠭᠤᠯ ᠤᠨ ᠰᠠᠶᠢᠨ ᠰᠠᠶᠢᠨ ᠬᠠᠯᠠᠭᠤᠨ | ᠲᠣᠭᠤᠭᠠᠨ ᠤ ᠬᠤᠯᠪᠣᠭᠠᠲᠤ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠬᠢᠨ ᠡᠯ᠎ᠡ ᠭᠠᠴᠠᠭ᠎ᠠ ᠪᠠᠷ | ᠭᠦᠨᠵᠡᠭᠡᠶᠢᠷᠡᠨ ᠮᠢᠬᠠᠨ ᠤ ᠦᠬᠡᠷ ᠰᠣᠩᠭᠤᠵᠤ᠂ ᠬᠤᠭᠤᠯᠠᠨ ᠭᠡᠷ ᠤᠨ ᠢᠶᠠᠨ ᠮᠢᠬᠠᠨ ᠤ ᠢᠷᠡᠯᠲᠡ ᠶᠢᠨ ᠴᠢᠨᠠᠷ | ᠴᠢᠨᠰᠠᠭ᠎ᠠ ᠶᠢ ᠪᠠᠲᠤᠯᠠᠬᠤ ᠶᠢᠨ ᠬᠠᠮᠲᠤ ᠨᠣᠭᠤᠭ᠎ᠠ ᠴᠠᠭ᠎ᠠ ᠶᠢᠨ ᠲᠦᠷᠦᠯ ᠵᠦᠢᠯ ᠢᠶᠠᠨ ᠪᠠᠶᠠᠯᠢᠭᠵᠢᠭᠤᠯᠵᠠᠢ᠃ ᠡᠭᠦᠨ | ᠠᠴᠠ ᠭᠠᠳᠠᠨ᠎ᠠ ᠳᠡᠯᠭᠡᠭᠦᠷ ᠤᠨ ᠬᠠᠷᠢᠭᠤᠴᠠᠯᠭᠠᠳᠠᠨ ᠠᠴᠠ ᠪᠠᠰᠠ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠳᠤ | ᠵᠤᠬᠢᠴᠠᠭᠤᠯᠤᠨ ᠴᠠᠭᠠᠨ ᠰᠠᠷ᠎ᠠ ᠶᠢᠨ ᠣᠨᠴᠠᠯᠢᠭᠲᠤ ᠠᠯᠢ ᠣᠯᠠᠨ ᠪᠦᠷᠢᠨ ᠦᠶᠯᠡᠴᠢᠯᠡᠭᠡ ᠬᠠᠩᠭᠠᠵᠤ ᠪᠣᠢ᠃ | ᠵᠣᠴᠢᠨ ᠵᠠᠩ ᠠᠪᠤᠭᠠᠢ᠄ ︽ᠡᠳᠡᠨ ᠤ ᠬᠤᠭᠤᠯᠠᠨ ᠤ ᠦᠨᠥᠷ ᠠᠮᠲᠠ ᠨᠢ ᠰᠠᠶᠢᠬᠠᠨ᠂ ᠮᠢᠬ᠎ᠠ ᠨᠤᠭᠤᠭ᠎ᠠ ᠨᠢ | ᠰᠢᠨ᠎ᠡ ᠰᠣᠷᠭᠤᠭ᠂ ᠪᠢᠳᠡ ᠭᠡᠷ ᠢᠶᠠᠷ ᠢᠶᠠᠨ ᠥᠷᠬᠦᠯᠵᠢ ᠠᠳᠡ ᠢᠷᠡᠵᠦ ᠢᠷᠡᠳᠡᠭ ᠶᠤᠮ᠃ ᠬᠡᠷ ᠪᠦᠯᠢ ᠪᠠᠷ ᠢᠶᠠᠨ | ᠬᠠᠯᠠᠭᠤᠨ ᠲᠣᠭᠤᠭ᠎ᠠ ᠢᠳᠡᠬᠦ ᠳᠤ ᠮᠠᠰᠢ ᠲᠣᠬᠢᠷᠠᠮᠵᠢᠳᠠᠢ︾ ᠬᠡᠵᠦ ᠪᠠᠶᠢᠯ᠎ᠠ᠃ | ᠬᠠᠯᠠᠭᠤᠨ ᠲᠣᠭᠤᠭᠠᠨ ᠤ ᠭᠠᠵᠠᠷ ᠤᠨ ᠳᠠᠭᠠᠭᠠᠮᠠᠯ ᠵᠢᠤᠢ ᠴᠦᠨ ᠶᠠᠨ᠄ ︽ᠴᠠᠭᠠᠨ ᠰᠠᠷ᠎ᠠ ᠶᠢᠨ ᠬᠤᠭᠤᠴᠠᠭᠠᠨ | ᠳᠤ ᠵᠤᠴᠢᠨ ᠡᠩ ᠤᠨ ᠦᠶ᠎ᠡ ᠶᠢᠨ ᠬᠢ ᠠᠴᠠ ᠣᠯᠠᠨ ᠪᠣᠯᠵᠠᠢ᠃ ᠵᠣᠴᠢᠳ ᠲᠤ ᠨᠠᠩ ᠰᠠᠶᠢᠨ ᠦᠶᠯᠡᠴᠢᠯᠡᠭᠡ | ᠬᠠᠩᠭᠠᠬᠤ ᠶᠢᠨ ᠲᠥᠯᠥᠭᠡ ᠪᠢᠳᠡ ᠠᠵᠢᠯᠴᠢᠳ ᠤᠨ ᠲᠤᠭ᠎ᠠ ᠶᠢ ᠨᠡᠮᠡᠭᠳᠡᠭᠦᠯᠵᠦ᠂ ᠵᠣᠴᠢᠳ ᠲᠤ ᠪᠦᠷᠢᠨ ᠭᠦᠶᠴᠡᠳ | ᠬᠠᠨᠤᠮᠵᠢᠳᠠᠢ ᠦᠢᠯᠡᠴᠢᠯᠡᠭᠡ ᠬᠥᠷᠭᠡᠬᠦ ᠶᠢᠨ ᠬᠠᠮᠲᠤ ᠪᠠᠰᠠ ᠢᠳᠡᠭᠡᠨ ᠤ ᠠᠮᠤᠷ ᠲᠦᠪᠰᠢᠨ ᠤ ᠡᠯ᠎ᠡ ᠵᠦᠶᠯ ᠤᠨ | ᠲᠣᠭᠲᠠᠭᠠᠯ ᠢ ᠴᠢᠩᠭ᠎ᠠ ᠵᠢᠷᠤᠮᠯᠠᠵᠤ᠂ ᠠᠷᠠᠥᠨ ᠣᠯᠠᠨ ᠤ ᠪᠠᠶᠠᠷ ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠢᠶᠠᠨ | ᠦᠩᠭᠡᠷᠡᠭᠦᠯᠬᠦ ᠶᠢ ᠪᠠᠳᠤᠯᠠᠵᠤ ᠪᠤᠢ︾ ᠬᠡᠯᠡ᠃ | | |