ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 126 ᠳ᠋ᠤᠭᠠᠷ ᠣᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/11
       2 ᠰᠠᠷ᠎ᠠ ᠶᠢᠨ 8 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 126 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ︽ᠠᠶᠤᠯᠭᠦᠶ ᠦᠶᠯᠡᠳᠪᠦᠷᠢᠯᠡᠯ ᠤᠨ ᠰᠢᠯᠭᠠᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠ ︽ᠵᠢᠷᠭᠤᠭᠠᠨ ᠠᠵᠢᠯᠯᠠᠭ᠎ᠠ︾  ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠵᠡᠷᠭᠡ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠣᠷᠣᠯᠴᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠮᠡᠳᠡᠭᠦᠯᠦᠯᠲᠡ ᠶᠢ  ᠰᠣᠨᠣᠰᠣᠨ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠠᠵᠢᠯ ᠤᠨ ᠢᠯᠡᠳᠬᠡᠯ︾ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ  ᠢ  ᠲᠣᠬᠢᠷᠠᠭᠤᠯᠪᠠ᠃      ᠬᠤᠷᠠᠯ ᠠᠴᠠ ᠴᠢᠬᠤᠯᠠᠴᠢᠯᠬᠠᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ  ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠪᠦᠬᠦ ᠶᠠᠪᠤᠴᠠ ᠳᠤ ᠦᠨᠡᠨ ᠬᠦ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂  ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ  ᠤᠨ ᠰᠢᠨ᠎ᠡ ᠪᠠᠶᠢᠷᠢ ᠲᠣᠭᠲᠠᠭᠠᠯᠲᠠ ᠰᠢᠨ᠎ᠡ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠨ᠂ ᠴᠢᠨᠠᠷ ᠰᠠᠶᠢᠲᠠᠢ ᠬᠢᠨᠠᠨ ᠪᠤᠳᠤᠬᠤ ᠬᠢᠨᠠᠯᠲᠠ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠯᠢᠶᠣᠤᠨᠢᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠷᠳᠣ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ  ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠭᠤᠤᠯ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ᠂ ᠶᠡᠷᠦᠩᠬᠡᠶ ᠱᠦᠵᠢ ᠰᠢ  ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ ᠬᠡᠯ᠎ᠡ᠃      ᠬᠤᠷᠠᠯ ᠠᠴᠠ ᠱᠠᠭᠠᠷᠳ᠋ᠬᠠᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠶᠤᠯᠭᠦᠶ ᠦᠶᠯᠡᠳᠪᠦᠷᠢᠯᠡᠯ ᠤᠨ ᠰᠢᠯᠭᠠᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠠᠷᠭ᠎ᠠ︾ ᠶᠢ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠪᠣᠳᠠᠲᠠᠶ ᠲᠠᠢ ᠪᠠᠨ ᠤᠶᠠᠯᠳᠤᠭᠤᠯᠤᠨ᠂ ᠠᠶᠤᠯᠭᠦᠶ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠬᠦ ᠬᠡᠷᠡᠭᠲᠡᠶ᠃ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠ ︽ᠵᠢᠷᠭᠤᠭᠠᠨ ᠠᠵᠢᠯᠯᠠᠭ᠎ᠠ︾ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠣᠨᠣᠪᠴᠢᠲᠠᠶ ᠡᠵᠡᠮᠳᠡᠨ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ᠂ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠲᠥᠷᠥᠯ ᠵᠦᠶᠯ ᠢ ᠲᠥᠯᠥᠪᠵᠢᠭᠦᠯᠬᠦ᠂ ᠲᠥᠰᠦᠯ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ  ᠢ ᠲᠤᠰᠠᠯᠠᠬᠤ ᠠᠵᠢᠯᠯᠠᠭ᠎ᠠ ᠵᠡᠷᠭᠡ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ ᠰᠠᠶᠢᠲᠤᠷ ᠠᠳᠬᠤᠵᠤ᠂ ᠡᠯ᠎ᠡ ᠵᠦᠶᠯ ᠤᠨ ᠠᠵᠢᠯ ᠦᠶᠯᠡᠰ ᠤᠨ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠬᠡᠵᠡᠢ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ  ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ᠂ ᠡᠯ᠎ᠡ ᠲᠠᠯ᠎ᠠ ᠶᠢᠨ ᠠᠵᠢᠯ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ  ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠢᠨ᠎ᠡ ᠨᠢᠭᠡ ᠵᠢᠯ ᠳᠤ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ  ᠴᠢᠩᠭᠠᠳᠬᠠᠨ᠂  ᠵᠣᠬᠢᠴᠠᠭᠤᠯᠭ᠎ᠠ ᠪᠠᠨ ᠴᠢᠩᠭᠠᠳᠬᠠᠵᠤ᠂ ᠬᠡᠷᠡᠭᠵᠢᠭᠦᠯᠬᠦ ᠬᠦᠴᠦᠨ ᠢᠶᠠᠨ ᠳᠡᠭᠡᠭᠰᠢᠯᠡᠭᠦᠯᠵᠦ᠂ ᠨᠠᠩ ᠬᠦᠴᠦᠲᠡᠶ ᠪᠦᠲᠦᠮᠵᠢᠲᠡᠶ ᠲᠤᠰᠢᠶᠠᠯ ᠬᠠᠷᠢᠭᠤᠴᠠᠯᠭ᠎ᠠ ᠪᠠᠨ  ᠬᠦᠢᠴᠡᠳᠬᠡᠨ᠂ ᠦᠶᠯᠡᠳᠦᠯ ᠢᠶᠠᠨ ᠪᠠᠳᠠᠷᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠯ᠎ᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号