| ᠡᠨᠡ ᠵᠢᠯ ᠤᠨ ᠴᠠᠭᠠᠨ ᠰᠠᠷ᠎ᠠ ᠳᠤ᠂ ᠰᠢᠯᠤᠭᠤᠨ ᠬᠦᠬᠡ ᠬᠤᠰᠢᠭᠤᠨ ᠤ ᠸᠠᠨ ᠰᠢᠩ ᠺᠢᠨᠣ᠋ ᠶᠢᠨ | ᠣᠷᠳᠣᠨᠬᠥ᠋ᠮᠥᠨ ᠤᠯᠠᠨ ᠪᠤᠯᠵᠤ ᠬᠥᠭᠵᠢᠶᠡᠨ ᠲᠠᠢ ᠪᠠᠶᠢᠯ᠎ᠠ᠃ | ᠡᠨᠡ ᠵᠢᠯ ᠤᠨ ᠴᠠᠭᠠᠨ ᠰᠠᠷ᠎ᠠ ᠶᠢᠨ ᠳᠠᠩᠰᠠ ᠡᠪᠬᠡᠮᠡᠯ ᠤᠨ ᠺᠢᠨᠣ᠋ ᠶᠢᠨ ᠲᠥᠷᠥᠯ ᠵᠦᠢᠯ ᠡᠯᠪᠡᠭ ᠪᠠᠶᠠᠯᠢᠭ | ᠪᠠᠶᠢᠵᠤ᠂ ᠭᠤᠶᠢᠳᠠ ᠰᠠᠶᠢᠬᠠᠨ ᠺᠢᠨᠤ᠋ ᠦᠯᠢᠭᠡᠷ ᠢᠶᠠᠷ ᠢᠶᠠᠨ ᠦᠶ ᠣᠯᠠᠨ ᠦᠵᠡᠭᠴᠢᠳ ᠤᠨ ᠠᠩᠬᠠᠷᠤᠯ ᠢ ᠲᠠᠲᠠᠵᠤ᠂ | ᠰᠠᠶᠢᠨ ᠦᠨᠡᠯᠡᠯᠲᠡ ᠶᠢ ᠣᠯᠵᠠᠢ᠃ ᠦᠵᠡᠭᠴᠢ ᠸᠠᠩ ᠴᠤᠤ ︽ᠨᠧ ᠵᠠ ᠭᠡᠳᠡᠭ ᠡᠨᠡ ᠺᠠᠷᠲ᠋ᠣᠨ ᠢ ᠮᠠᠰᠢ | ᠪᠠᠭ᠋ᠠᠷᠬᠠᠳᠠᠭ᠂ ᠵᠢᠷᠤᠭ ᠤᠨ ᠴᠢᠨᠠᠷ᠂ ᠦᠢᠯᠡᠳᠦᠭᠰᠡᠨ ᠨᠢ ᠲᠤᠩ ᠨᠠᠷᠢᠯᠢᠭ ᠰᠠᠶᠢᠬᠠᠨ ᠪᠠᠶᠢᠨ᠎ᠠ︾ ᠬᠡᠯᠡ᠃ | ᠬᠠᠷᠢᠭᠤᠴᠠᠯᠭᠠᠲᠠᠨ ᠸᠠᠩ ᠶᠦᠩ ᠴᠢᠶᠠᠩ ᠬᠡᠯᠡᠭᠰᠡᠨ ᠨᠢ᠄ ︽ᠡᠨᠡ ᠵᠢᠯ ᠤᠨ ᠴᠠᠭᠠᠨ ᠰᠠᠷ᠎ᠠ ᠶᠢᠨ ᠺᠢᠨᠣ᠋ ᠶᠢᠨ | ᠴᠢᠨᠠᠷ ᠨᠢ ᠰᠠᠶᠢᠨ᠂ ᠢᠯᠠᠩᠭᠤᠶ᠎ᠠ ︿ ᠨᠧ ᠵᠠ﹀ ᠭᠡᠬᠦ ᠺᠢᠨᠣ᠋ ᠢ ᠦᠵᠡᠭᠰᠡᠨ ᠦᠵᠡᠭᠴᠢ ᠶᠢᠨ ᠨᠣᠷᠮ᠎ᠠ ᠨᠢ ᠨᠡᠯᠢᠶᠡᠳ | ᠥᠨᠳᠥᠷ᠂ ᠴᠠᠭᠠᠨ ᠰᠠᠷ᠎ᠠ ᠶᠢᠨ ᠬᠤᠭᠤᠴᠠᠭᠠᠨ ᠳᠤ ᠪᠢᠳᠡ ᠪᠠᠰᠠ ᠵᠣᠴᠢᠳ ᠨᠢᠭᠡᠪᠦᠷᠢ ᠳᠤ ᠰᠠᠶᠢᠲᠤᠷ ᠦᠢᠯᠡᠴᠢᠯᠡᠬᠦ | ᠭᠦᠢᠴᠡᠳ ᠪᠡᠯᠡᠳᠬᠡᠯ ᠬᠢᠭᠰᠡᠨ ︾ ᠬᠡᠯᠡ᠃ | ᠴᠠᠭᠠᠨ ᠰᠠᠷ᠎ᠠ ᠶᠢᠨ ᠠᠮᠠᠷᠠᠯᠳᠠ ᠪᠠᠷ ᠺᠢᠨᠤ᠋ ᠦᠵᠡᠬᠦ ᠨᠢ ᠨᠢᠭᠡ ᠵᠥᠢᠯ ᠤᠨ ᠰᠢᠨ᠎ᠡ ᠤᠷᠤᠰᠬᠠᠯ ᠪᠤᠯᠵᠤ | ᠰᠣᠶᠣᠯ ᠤᠨ ᠬᠦᠷᠲᠡᠭᠡᠯ ᠤᠨ ᠴᠢᠬᠤᠯᠠ ᠠᠷᠭ᠎ᠠ ᠬᠡᠯᠪᠡᠷᠢ ᠪᠣᠯᠵᠣ᠂ ᠰᠢᠨ᠎ᠡ ᠵᠢᠯ ᠤᠨ ᠰᠠᠶᠢᠨ ᠰᠠᠶᠢᠬᠠᠨ ᠬᠦᠰᠡᠯ | ᠡᠷᠡᠮᠡᠯᠵᠡᠯ ᠢ ᠠᠴᠢᠶᠠᠯᠠᠬᠤ ᠶᠢᠨ ᠬᠠᠮᠲᠤ ᠺᠢᠨᠣ᠋ ᠶᠢᠨ ᠠᠵᠤ ᠦᠶᠯᠡᠰ ᠢᠶᠠᠷ ᠠᠵᠤ ᠠᠬᠤᠶ ᠶᠢᠨ ᠬᠥᠳᠡᠯᠭᠡᠭᠦᠷ ᠪᠣᠯᠭᠠᠵᠤ᠂ | ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠬᠦᠴᠦᠷᠬᠡᠭ | ᠶᠡᠭᠡ ᠬᠥᠴᠥᠨ ᠨᠡᠮᠡᠷᠢᠯᠡᠵᠤ ᠪᠠᠶᠢᠨ᠎ᠠ᠃ | |