ᠢᠤᠢ ᠵᠤᠸᠠᠩ
ᠨᠡᠶᠢᠲᠡᠯᠡᠭᠰᠡᠨ ᠴᠠᠭ᠄
2025/3/25
ᠬᠤᠪᠢᠳᠠᠨ  ᠬᠠᠮᠢᠶᠠᠷᠴᠤ ᠪᠠᠶᠢᠭ᠎ᠠ ᠠᠵᠢᠯ     ᠲᠡᠷᠢᠭᠦᠯᠡᠭᠴᠢ ᠶᠢᠨ ᠠᠵᠢᠯ ᠢ ᠬᠠᠪᠰᠤᠷᠤᠨ ᠂ ᠨᠡᠶᠢᠭᠡᠮ ᠪᠠ ᠬᠠᠤᠯᠢ ᠲᠦᠷᠢᠮ ᠦᠨ ᠵᠥᠪᠯᠡᠯ ᠂ ᠭᠡᠰᠢᠭᠦᠨ ᠦ ᠰᠤᠷᠤᠯᠴᠠᠯᠭ᠎ᠠ ᠪᠠ ᠠᠵᠢᠯ ᠤᠨ ᠵᠥᠪᠯᠡᠯ ᠎ ᠲᠠᠢ ᠬᠠᠷᠢᠯᠴᠠᠬᠤ  ᠂ ᠰᠤᠮᠤ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠦ ᠠᠵᠢᠯ ᠤᠨ ᠠᠯᠪᠠᠨ ᠬᠡᠷ ᠂ ᠭᠡᠰᠢᠭᠦᠨ ᠦ ᠠᠵᠢᠯ ᠤᠨ ᠲᠠᠰᠤᠭ ᠤᠨ ᠠᠵᠢᠯ ᠢ ᠬᠤᠪᠢᠳᠠᠨ ᠬᠠᠮᠢᠶᠠᠷᠤᠨ᠎ᠠ᠃ ᠪᠥᠬᠥ ᠬᠣᠰᠢᠭᠤᠨ ᠤ ᠴᠢᠨᠠᠷᠲᠠᠶ ᠠᠵᠢᠯ ᠤᠨ ᠳᠤᠮᠳᠠ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠂ ᠠᠷᠠᠳ ᠤᠨ ᠰᠢᠭᠦᠬᠦ ᠬᠣᠷᠢᠶ᠎ᠠ ᠂ ᠠᠷᠠᠳ ᠤᠨ ᠪᠠᠶᠢᠴᠠᠭᠠᠬᠤ ᠬᠣᠷᠢᠶ᠎ᠠ ᠂ ᠬᠠᠤᠯᠢ ᠴᠠᠭᠠᠵᠠ ᠶᠢᠨ ᠲᠣᠪᠴᠢᠶ᠎ᠠ ᠂ ᠠᠷᠠᠳ ᠤᠨ ᠶᠠᠪᠤᠳᠠᠯ ᠤᠨ ᠲᠣᠪᠴᠢᠶ᠎ᠠ ᠂ ᠴᠡᠷᠢᠭ ᠡᠴᠡ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠂ ᠦᠨᠳᠦᠰᠦᠲᠡᠨ ᠦ ᠬᠡᠷᠡᠭ ᠡᠷᠭᠢᠯᠡᠬᠦ ᠵᠥᠪᠯᠡᠯ ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠲᠣᠪᠴᠢᠶ᠎ᠠ ᠂ ᠤᠰᠤᠨ ᠠᠰᠢᠭᠯᠠᠯᠲᠠ ᠶᠢᠨ ᠲᠣᠪᠴᠢᠶ᠎ᠠ ᠂ ᠣᠶ ᠰᠢᠭᠤᠶ ᠨᠤᠲᠤᠭ ᠪᠡᠯᠴᠢᠭᠡᠷ ᠦᠨ ᠲᠣᠪᠴᠢᠶ᠎ᠠ ᠂ ᠠᠮᠢ ᠠᠬᠤᠶ ᠣᠷᠴᠢᠨ ᠲᠣᠭᠣᠷᠢᠨ ᠤ ᠲᠣᠪᠴᠢᠶ᠎ᠠ ᠂ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦᠨ ᠨᠡᠶᠢᠭᠡᠮᠯᠢᠭ ᠲᠡᠶ ᠬᠠᠷᠢᠯᠴᠠᠨ᠎ᠠ᠃ ᠲᠣᠪᠴᠢ ᠨᠠᠮᠲᠠᠷ ᠄     ᠢᠦᠢ ᠵᠤᠸᠠᠩ᠂ ᠡᠷᠡᠭᠲᠡᠢ ᠂ ᠮᠣᠩᠭᠣᠯ ᠦᠨᠳᠦᠰᠦᠲᠡᠨ ᠂ 1992 ᠣᠨ ᠤ 7 ᠰᠠᠷ᠎ᠠ ᠳᠤ ᠠᠵᠢᠯ ᠳᠤ ᠣᠷᠣᠵᠤ ᠂ ᠤᠳᠦ ᠬᠣᠰᠢᠭᠤᠨ ᠤ ᠤᠯᠤᠰ ᠲᠤᠢᠷᠦ ᠶᠢᠨ ᠵᠥᠪᠯᠡᠯᠭᠡᠨ ᠦ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠤᠢ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠨᠢᠭᠡᠳᠦᠭᠡᠷ ᠬᠤᠪᠢᠶᠠᠷᠢ ᠲᠠᠯᠠᠪᠠᠢ ᠶᠢᠨ ᠳᠠᠷᠤᠭ᠎ᠠ ᠶᠢᠨ ᠲᠤᠰᠠᠯᠠᠭᠴᠢ ᠪᠠᠶᠢᠪᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠲᠠᠪᠦ‍ ᠨᠢᠭᠡ ᠮᠠᠯᠵᠢᠯ ᠤᠨ ᠲᠠᠯᠠᠪᠠᠢ ᠶᠢᠨ ᠨᠢᠭᠡᠳᠦᠭᠡᠷ ᠬᠤᠪᠢᠶᠠᠷᠢ ᠲᠠᠯᠠᠪᠠᠢ ᠶᠢᠨ ᠳᠡᠳ᠋ ᠳᠠᠷᠤᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠨᠤᠲᠤᠭ ᠪᠡᠯᠴᠢᠭᠡᠷ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠨᠠᠨ ᠬᠠᠮᠢᠶᠠᠷᠤᠭᠴᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠨᠤᠲᠤᠭ ᠪᠡᠯᠴᠢᠭᠡᠷ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠨᠤᠲᠤᠭ ᠪᠡᠯᠴᠢᠭᠡᠷ ᠦᠨ ᠠᠮᠢ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠬᠡ ᠠᠩᠭᠢ ᠶᠢᠨ ᠳᠠᠷᠤᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠣᠢ ᠰᠢᠭᠤᠶ ᠪᠠ ᠨᠤᠲᠤᠭ ᠪᠡᠯᠴᠢᠭᠡᠷ ᠦᠨ ᠲᠣᠪᠴᠢᠶᠠᠨ ᠳᠠᠷᠤᠭ᠎ᠠ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠦᠨ ᠡᠷᠬᠢᠯᠡᠭᠴᠢ᠂ ᠮᠣᠩᠭᠣᠯ ᠬᠡᠯᠡ ᠪᠢᠴᠢᠭ ᠦᠨ ᠠᠵᠢᠯ ᠤᠨ ᠵᠥᠪᠯᠡᠯ ᠦᠨ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠬᠦ ᠭᠡᠰᠢᠭᠦᠴᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠦᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠥᠬᠡ ᠬᠣᠰᠢᠭᠤᠨ ᠤ ᠤᠯᠤᠰ ᠲᠥᠷᠥ ᠶᠢᠨ ᠵᠥᠪᠯᠡᠯᠭᠡᠨ ᠎ ᠤ ᠳᠡᠳ᠋ ᠲᠡᠷᠢᠭᠦᠯᠡᠭᠴᠢ ᠶᠢᠨ ᠨᠡᠷ᠎ᠡ ᠲᠣᠷᠠᠳᠣᠭᠳᠠᠨᠰᠠᠨ ᠵᠢᠱᠢᠭᠳᠡᠭᠴᠢ ᠪᠠᠷ ᠠᠵᠢᠯᠯᠠᠵᠤ ᠦᠩᠭᠡᠷᠡᠪᠡ ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号