ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ | ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠬᠤᠲᠠ ᠬᠥᠳᠡᠭᠡ | ᠶᠢᠨ ᠡᠮᠡᠭᠲᠡᠶᠢᠴᠦᠳ ᠤᠨ ᠠᠳᠠᠯ ᠦᠶᠯᠡᠰ ᠴᠣᠭᠴᠠᠯᠠᠵᠤ ᠠᠵᠢᠯ ᠤᠯᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ | ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 11 ᠤ ᠡᠳᠦᠷ᠂ 2025 ᠤᠨ ᠤ ᠪᠡᠭᠡᠵᠢᠩ ᠥᠪᠤᠷ ᠮᠤᠩᠭᠤᠯ ᠤᠨ | ᠬᠠᠮᠳᠤᠷᠠᠯᠴᠠᠭᠠᠨ ᠤ ᠬᠤᠳᠠ ᠪᠠᠯᠭᠠᠰᠤᠨ ᠤ ᠡᠮᠡᠭᠳᠡᠶᠢᠴᠤᠳ ᠤᠨ ᠦᠢᠯᠡᠰ ᠪᠤᠰᠬᠠᠬᠤ ᠮᠡᠷᠭᠡᠵᠢᠯ ᠳᠡᠭᠡᠭᠰᠢᠯᠡᠬᠦᠯᠬᠦ | ᠲᠦᠷᠦᠯ ᠵᠦᠢᠯ ᠪᠤᠯᠬᠤ ᠰᠢᠯᠢ ᠶᠢᠨ ᠭᠤᠤᠯ ᠠᠶᠢᠮᠠᠭ ᠤᠨ ᠢᠰᠡᠭᠡᠢ ᠤᠷᠠᠯᠠᠯ ᠤᠨ ᠪᠤᠯᠪᠠᠰᠤᠷᠠᠯ ᠤᠨ ᠠᠩᠭᠢ | ᠰᠢᠯᠤᠭᠤᠨ ᠬᠥᠬᠡ ᠬᠤᠰᠢᠭᠤᠨ ᠳᠤ ᠬᠢᠴᠢᠶᠡᠯ ᠡᠬᠢᠯᠡᠪᠡ᠃ ᠪᠣᠯᠪᠠᠰᠤᠷᠠᠯ ᠢ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠯᠤᠭᠤᠨ ᠬᠥᠬᠡ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ ᠠᠴᠠ ᠳᠠᠭᠠᠭᠠᠴᠢᠯᠠᠨ ᠡᠷᠭᠢᠯᠡᠵᠦ᠂ ᠪᠥᠬᠦ ᠠᠶᠢᠮᠠᠭ ᠤᠨ ᠡᠯ᠎ᠡ ᠭᠠᠵᠠᠷ ᠠᠴᠠ ᠢᠷᠡᠭᠰᠡᠨ 60 ᠭᠠᠷᠤᠶ ᠬᠥᠮᠦᠨ | ᠪᠣᠯᠪᠠᠰᠤᠷᠠᠯ ᠳᠤ ᠣᠷᠣᠯᠴᠠᠵᠤ᠂ ᠡᠭᠦᠨ ᠳᠤ ᠰᠢᠯᠤᠭᠤᠨ ᠬᠥᠬᠡ ᠬᠤᠰᠢᠭᠤᠨ ᠤ 20 ᠭᠠᠷᠤᠶ ᠬᠥᠮᠥᠨ ᠪᠣᠶ᠃ | ᠪᠣᠯᠪᠠᠰᠣᠷᠠᠯ ᠨᠢ ᠨᠢᠬᠡ ᠭᠠᠷᠠᠭ ᠤᠨ ᠬᠤᠭᠤᠴᠠᠭ᠎ᠠ ᠲᠠᠢ ᠶᠠᠪᠤᠠᠠᠳᠠᠬᠤ ᠪᠠᠷ ᠪᠠᠶᠢᠵᠦ᠂ ᠣᠨᠣᠯ ᠤᠨ ᠪᠣᠯᠪᠠᠰᠣᠷᠠᠯ | ᠪᠣᠯᠣᠨ ᠪᠣᠳᠠᠳᠠᠢ ᠦᠢᠯᠡᠳᠦᠯᠬᠡ ᠳᠤ ᠣᠷᠣᠯᠴᠠᠭᠤᠯᠬᠤ ᠶᠢ ᠤᠶᠠᠯᠳᠤᠭᠤᠯᠬᠤ ᠪᠠᠷ ᠲᠠᠮᠵᠢᠭᠤᠯᠣᠨ᠂ ᠭᠤᠤᠯᠳᠠᠭᠤ ᠰᠢᠯᠢ | ᠶᠢᠨ ᠭᠤᠤᠯ ᠠᠶᠢᠮᠠᠭ ᠤᠨ ᠬᠡᠪᠴᠢᠶᠡᠨ ᠳᠠᠬᠢ ᠲᠤᠤᠷ᠎ᠠ ᠣᠷᠣᠯᠭ᠎ᠠ ᠲᠠᠢ ᠡᠮᠡᠭᠲᠡᠶᠢᠴᠦᠳ᠂ ᠠᠵᠢᠯ ᠠᠯᠳ᠋ᠬᠠᠰᠠᠠ | ᠡᠮᠡᠭᠲᠡᠶᠢᠴᠦᠳ᠂ ᠵᠢᠴᠢᠦᠨᠳᠦᠰᠦᠨ ᠱᠠᠲᠤᠨ ᠤ ᠭᠠᠷ ᠣᠷᠠᠴᠣᠳ ᠵᠡᠷᠭᠡ ᠬᠥᠮᠦᠰ ᠲᠤ ᠵᠣᠷᠢᠭᠤᠯᠵᠦ | ᠶᠠᠪᠤᠠᠠᠳᠠᠭᠤᠯᠵᠠᠢ᠃ ᠪᠣᠯᠪᠠᠰᠣᠷᠠᠯ ᠤᠨ ᠠᠭᠤᠯᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ | ᠶᠢᠨ ᠤᠬᠠᠮᠰᠠᠷ᠂ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ ᠵᠡᠷᠭᠡ ᠣᠯᠠᠨ ᠨᠡᠶᠢᠲᠡ ᠶᠢᠨ ᠬᠢᠴᠢᠶᠡᠯ | ᠲᠤᠬᠢᠷᠠᠭᠤᠯᠵᠤ᠂ ᠢᠰᠡᠭᠡᠶ ᠤᠷᠠᠯᠠᠯ ᠤᠨ ᠣᠨᠣᠯ ᠤᠨ ᠬᠢᠴᠢᠶᠡᠯ᠂ ᠢᠰᠡᠭᠡᠶ ᠶᠢᠨ ᠦᠶᠯᠡᠳᠬᠦᠨ ᠤ ᠲᠠᠨᠢᠯᠴᠠᠭᠤᠯᠭ᠎ᠠ᠂ | ᠢᠰᠡᠭᠡᠶ ᠶᠢᠨ ᠦᠶᠯᠡᠳᠬᠦᠨ ᠢ ᠵᠢᠷᠤᠵᠤ ᠲᠥᠯᠥᠪᠯᠡᠬᠦ ᠪᠠ ᠦᠶᠯᠡᠳᠬᠦ᠂ ᠥᠩᠭᠡ ᠪᠤᠳᠤᠭ ᠢ ᠵᠣᠬᠢᠴᠠᠭᠤᠯᠬᠤ ᠵᠡᠷᠭᠡ | ᠤᠷ᠎ᠠ ᠴᠢᠳᠠᠪᠤᠷᠢ ᠶᠢᠨ ᠬᠢᠴᠢᠶᠡᠯ ᠲᠠᠶᠢᠯᠤᠮᠵᠢ ᠬᠢᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠡᠮᠡᠭᠲᠡᠶᠢᠴᠦᠳ ᠤᠨ ᠬᠤᠯᠪᠣᠭᠠᠨ ᠤ ᠰᠠᠯᠠᠭ᠎ᠠ ᠮᠥᠴᠢᠷ ᠥᠷᠭᠡᠨ ᠤᠯᠠᠨ | ᠡᠮᠡᠭᠳᠡᠶᠢᠴᠥᠥᠨ ᠤᠨ ᠠᠵᠢᠯ ᠤᠯᠭᠤᠯᠳᠠ ᠶᠢᠨ ᠲᠤᠬᠠᠢ ᠠᠩᠬᠠᠷᠴᠤ᠂ ᠪᠣᠯᠪᠠᠰᠤᠷᠠᠯ ᠤᠨ ᠳᠠᠷᠠᠭ᠎ᠠ᠂ 60 % ᠶᠢᠨ | ᠣᠷᠣᠯᠴᠬᠠᠰᠠᠳ ᠲᠤ ᠪᠦᠳᠦᠬᠡᠭᠳᠡᠬᠦᠨ ᠤ ᠵᠠᠬᠢᠶᠠᠯᠠᠭ᠎ᠠ ᠬᠠᠩᠭᠠᠵᠤ᠂ ᠲᠡᠳᠡᠨ ᠢ ᠬᠥᠮᠦᠨ ᠪᠦᠷᠢ ᠶᠢᠨ ᠣᠷᠣᠯᠭ᠎ᠠ ᠶᠢ | 1500 ᠲᠥᠭᠦᠷᠢᠭ ᠠᠴᠠ ᠳᠡᠭᠡᠭᠰᠢ ᠬᠦᠷᠬᠡᠬᠦ ᠪᠠᠷ ᠲᠥᠯᠥᠪᠯᠡᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠬᠥᠭᠦᠷᠭᠡ | ᠬᠤᠯᠪᠣᠭᠠᠰᠤ ᠶᠢᠨ ᠦᠶᠯᠡᠳᠦᠯ ᠢ ᠦᠷᠭᠦᠯᠵᠢᠯᠡᠨ ᠪᠠᠳᠠᠷᠠᠭᠤᠯᠵᠤ᠂ ᠪᠣᠯᠪᠠᠰᠤᠷᠠᠯ ᠤᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠡᠮᠡᠭᠲᠡᠶᠢᠴᠦᠳ ᠤᠨ ᠦᠶᠯᠡᠰ ᠪᠤᠰᠬᠠᠬᠤ ᠨᠣᠷᠮ᠎ᠠ ᠪᠣᠯᠤᠨ ᠠᠵᠢᠯ ᠣᠯᠭᠤᠯᠲᠠ ᠶᠢᠨ ᠨᠣᠷᠮ᠎ᠠ ᠶᠢ | ᠳᠡᠭᠡᠭᠰᠢᠯᠡᠭᠦᠯᠵᠦ᠂ ᠨᠠᠩ ᠣᠯᠠᠨ ᠡᠮᠡᠭᠲᠡᠶᠢᠴᠦᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠡᠮᠡᠭᠲᠡᠶᠢᠴᠦᠳ ᠤᠨ ᠬᠦᠴᠦᠨ | ᠴᠢᠳᠠᠯ ᠢᠶᠠᠨ ᠡᠷᠬᠦᠵᠤ ᠪᠠᠶᠢᠨ᠎ᠠ᠃ | |