4 ᠰᠠᠷ᠎ᠠ ᠶᠢᠨ 10 ᠤ ᠡᠳᠦᠷ᠂ ᠡᠷᠡᠬᠦᠯᠵᠢᠯ ᠰᠣᠪᠢᠯᠠᠯᠳᠠ ᠰᠣᠶᠣᠯ ᠵᠢᠭᠤᠯᠴᠢᠯᠠᠯ ᠤᠨ ᠭᠠᠷᠠᠭ ᠤᠨ | ᠠᠵᠢᠯᠯᠠᠭ᠎ᠠ ᠶᠢᠨ ᠡᠷᠡᠭᠦᠯ ᠮᠡᠨᠳᠦ ᠶᠢᠨ ᠶᠠᠪᠠᠭᠠᠨ ᠠᠶᠠᠯᠠᠯ ᠶᠢᠨ ᠠᠵᠢᠯᠯᠠᠭ᠎ᠠ ᠰᠢᠯᠤᠭᠤᠨ ᠬᠥᠬᠡ ᠬᠤᠰᠢᠭᠤᠨ ᠤ | ᠠᠵᠠᠳᠠᠢ ᠪᠡᠶ᠎ᠡ ᠰᠤᠪᠢᠯᠠᠬᠤ ᠬᠦᠷᠢᠶᠡᠯᠡᠩ ᠳᠤ ᠶᠠᠪᠤᠠᠠᠳᠠᠯ᠎ᠠ᠂ | ᠦᠳᠡ ᠶᠢᠨ ᠬᠤᠶᠢᠨᠠᠬᠢ 2 ᠴᠠᠭ ᠬᠠᠭᠠᠰ ᠲᠤ ᠨᠠᠭᠤᠨᠪᠢᠯᠢᠭ᠌ ᠪᠠᠭᠰᠢ ᠶᠢᠨ ᠳᠠᠭᠠᠭᠤᠯᠭ᠎ᠠ ᠪᠠᠷ᠂ ᠮᠢᠩᠭ᠎ᠠ | ᠭᠠᠷᠤᠶ ᠶᠠᠪᠠᠭᠠᠨ ᠠᠶᠠᠯᠠᠯ ᠳᠤ ᠪᠠᠭ᠋ᠠᠳᠠᠢ ᠬᠦᠮᠦᠰ ᠠᠵᠠᠳᠠᠢ ᠪᠡᠶ᠎ᠡ ᠰᠤᠪᠢᠯᠠᠬᠤ ᠬᠦᠷᠢᠶᠡᠯᠡᠩ ᠠᠴᠠ ᠡᠬᠢᠯᠡᠵᠦ᠂ ᠱᠠᠩᠳᠤ | ᠶᠢᠨ ᠭᠤᠣᠯ ᠨᠤᠭᠤ ᠭᠠᠵᠠᠷ ᠤᠨ ᠴᠡᠴᠡᠷᠯᠢᠭ ᠢ ᠲᠣᠭᠤᠷᠢᠨ᠂ ᠳᠠᠬᠢᠨ ᠠᠵᠠᠳᠠᠢ ᠪᠡᠶ᠎ᠡ ᠰᠤᠪᠢᠯᠠᠬᠤ ᠬᠦᠷᠢᠶᠡᠯᠡᠩ ᠳᠤ | ᠬᠥᠷᠴᠠᠢ᠃ | ᠪᠡᠭᠡᠵᠢᠩ ᠠᠴᠠ ᠬᠦᠷᠦᠯᠴᠡᠨ ᠢᠷᠡᠭᠰᠡᠨ ᠴᠧᠨ ᠠᠪᠠᠭ᠋ᠠᠶ᠄ ︽ᠪᠢ ᠠᠵᠠᠲᠠᠶ ᠶᠢᠨ ᠡᠷᠡᠬᠦᠯᠵᠢᠯ ᠰᠣᠪᠢᠯᠠᠯᠳᠠ | ᠰᠣᠶᠣᠯ ᠵᠢᠭᠤᠯᠴᠢᠯᠠᠯ ᠤᠨ ᠶᠠᠪᠠᠭᠠᠨ ᠠᠶᠠᠯᠠᠯ ᠤᠨ ᠠᠵᠢᠯᠯᠠᠭ᠎ᠠ ᠳᠤ ᠭᠤᠷᠪᠠᠳᠤᠭᠠᠷ ᠣᠳᠠᠭ᠎ᠠ ᠣᠷᠣᠯᠴᠠᠵᠦ ᠪᠠᠶᠢᠨ᠎ᠠ᠂ | ᠡᠨᠡ ᠬᠦ ᠠᠵᠢᠯᠯᠠᠭ᠎ᠠ ᠨᠢ ᠮᠠᠰᠢ ᠰᠠᠶᠢᠨ᠂ ᠨᠠ᠊ ᠪᠠᠭᠰᠢ ᠣᠯᠠᠨ ᠢ ᠳᠠᠭᠠᠭᠤᠯᠵᠤ ᠶᠠᠪᠠᠭᠠᠨ ᠠᠶᠠᠯᠠᠯ ᠬᠢᠵᠦ ᠪᠠᠶᠢᠭ᠎ᠠ ᠨᠢ | ᠪᠡᠶ᠎ᠡ ᠮᠠᠬᠠᠪᠣᠳ ᠲᠤ ᠲᠣᠰᠠ ᠲᠠᠢ᠂ ᠣᠶᠤᠨ ᠰᠠᠨᠠᠭᠠᠨ ᠳᠤ ᠴᠤ ᠠᠰᠢᠭ ᠬᠦᠷᠲᠡᠭᠡᠵᠦ᠂ ᠤᠯᠤᠰ ᠣᠷᠣᠨ ᠳᠤ ᠴᠤ | ᠠᠰᠢᠭ ᠬᠦᠷᠳᠡᠬᠡᠵᠦ ᠪᠣᠢ᠂ ᠪᠢᠳᠡᠨ ᠤ ᠪᠡᠶ᠎ᠡ ᠮᠠᠬᠠᠪᠣᠳ ᠰᠠᠶᠢᠨ ᠪᠣᠯᠪᠠᠯ ᠰᠠᠶ᠋ᠢ ᠤᠯᠤᠰ ᠣᠷᠣᠨ ᠳᠠᠭᠠᠨ ᠨᠠᠩ ᠰᠠᠶᠢᠨ | ᠬᠤᠪᠢ ᠨᠡᠮᠡᠷᠢ ᠦᠵᠡᠭᠦᠯᠵᠦ᠂ ᠨᠠᠩ ᠰᠠᠶᠢᠨ ᠠᠵᠢᠯᠯᠠᠵᠤ ᠴᠢᠳᠠᠨ᠎ᠠ ᠬᠡᠯᠡ᠃ ᠼᠦᠢ ᠠᠪᠠᠭ᠋ᠠᠶ ᠬᠡᠯᠡᠬᠦ ᠳᠡᠭᠡᠨ᠄ | ︽ᠡᠶᠢᠮᠦ ᠣᠯᠠᠨ ᠬᠥᠮᠦᠨ ᠲᠠᠢ ᠬᠠᠮᠲᠤ ᠠᠯᠬᠤᠬᠤ ᠨᠢ ᠮᠠᠰᠢ ᠤᠳᠬ᠎ᠠ ᠠᠭᠤᠯᠭ᠎ᠠ ᠲᠠᠢ ᠰᠠᠨᠠᠭᠳᠠᠵᠤ᠂ ᠪᠠᠰᠠ ᠪᠡᠶ᠎ᠡ | ᠮᠠᠬᠠᠪᠣᠳ ᠢᠶᠠᠨ ᠪᠣᠯᠪᠠᠰᠤᠷᠠᠭᠤᠯᠤᠭᠰᠠᠨ ᠪᠠᠶᠢᠨ᠎ᠠ︾ ᠬᠡᠵᠡᠢ᠃ | ᠲᠤᠰ ᠤᠳᠠᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠨᠢ ᠬᠥᠮᠦᠰ ᠤᠨ ᠢᠳᠡᠪᠬᠢᠲᠡᠢ | ᠥᠭᠡᠳᠡᠷᠬᠡᠭ ᠠᠮᠢᠳᠤᠷᠠᠯ ᠤᠨ ᠣᠪᠣᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠨᠡᠩ ᠴᠤ ᠤᠯᠠᠨ ᠳᠤ ᠠᠮᠢ ᠠᠬᠤᠢ | ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠠᠢ᠃ | |