4 ᠰᠠᠷ᠎ᠠ ᠶᠢᠨ 9 ᠤ ᠡᠳᠦᠷ᠂ ᠰᠢᠯᠤᠭᠤᠨ ᠬᠥᠬᠡ ᠬᠤᠰᠢᠭᠤᠨ ᠤ 2025 ᠣᠨ ᠤ ᠬᠤᠯᠠᠨ ᠰᠢᠷᠭ᠎ᠠ ᠲᠠᠭ᠎ᠠ | ᠶᠢᠨ ᠡᠯᠡᠰᠦᠷᠬᠡᠭ ᠭᠠᠵᠠᠷ ᠢ ᠵᠠᠰᠠᠬᠤ ᠬᠠᠪᠤᠷ ᠤᠨ ᠤᠯᠠᠷᠢᠯ ᠤᠨ ᠠᠯᠪᠠᠨ ᠵᠢᠷᠣᠮ ᠤᠨ ᠮᠣᠳᠣ ᠲᠠᠷᠢᠬᠤ ᠠᠵᠢᠯᠯᠠᠭ᠎ᠠ | ᠰᠠᠩ ᠤᠨ ᠲᠡᠯᠡᠶ ᠪᠠᠯᠭᠠᠰᠤᠨ ᠤ ᠠᠯᠲᠠᠶ ᠭᠠᠴᠠᠭ᠎ᠠ ᠳᠤ ᠶᠠᠪᠣᠬᠳᠠᠪᠡ᠃ | ᠠᠬᠤᠶ ᠲᠠᠯᠠᠪᠠᠶ ᠳᠤ᠂ ᠪᠥᠬᠦ ᠬᠤᠰᠢᠭᠤᠨ ᠤ ᠮᠢᠩᠭ᠎ᠠ ᠭᠠᠷᠤᠶ ᠺᠠᠳ᠋ᠷ ᠣᠯᠠᠨ ᠲᠦᠮᠡᠨ ᠬᠠᠮᠢᠶᠠᠳᠠᠢ ᠮᠡᠷᠬᠡᠵᠢᠯ | ᠤᠨ ᠠᠵᠢᠯᠳᠠᠨ ᠤ ᠵᠢᠯᠤᠭᠤᠳᠤᠯᠭ᠎ᠠ ᠳᠣᠣᠷ᠎ᠠ᠂ ᠵᠢᠷᠣᠭᠠᠰᠣ ᠲᠠᠳᠠᠬᠤ᠂ ᠨᠦᠬᠡ ᠮᠠᠯᠳᠠᠬᠤ᠂ ᠨᠠᠬᠢᠶ᠎ᠡ ᠰᠠᠭᠤᠯᠭᠠᠬᠤ | ᠠᠵᠢᠯ ᠤᠳ ᠢ ᠬᠤᠪᠢᠳᠠᠨ ᠬᠦᠢᠴᠡᠳᠬᠡᠵᠦ᠂ ᠰᠡᠳᠬᠢᠯ ᠨᠢᠬᠡᠳᠦᠨ ᠬᠦᠴᠦ ᠪᠠᠨ ᠬᠠᠮᠳᠣᠳᠬᠠᠵᠦ᠂ ᠮᠣᠳᠣ ᠲᠠᠷᠢᠬᠤ | ᠠᠵᠢᠯ ᠳᠤ ᠶᠠᠭᠠᠷᠠᠯᠳᠤᠨ᠎ᠠ᠃ | ᠲᠤᠬᠠᠶ ᠶᠢᠨ ᠲᠠᠯᠠᠪᠠᠢ ᠳᠤ᠂ ᠲᠡᠷᠢᠭᠦᠨ ᠤ ᠮᠡᠷᠬᠡᠵᠢᠯ ᠤᠨ ᠡᠯᠡᠰᠦᠷᠬᠡᠭᠵᠢᠯ ᠢ ᠵᠠᠰᠠᠬᠤ ᠮᠠᠰᠢᠨ ᠨᠢ ᠰᠢᠨᠵᠢᠯᠡᠬᠦ | ᠤᠬᠠᠭᠠᠨ ᠮᠡᠷᠭᠡᠵᠢᠯ ᠢᠶᠠᠷ ᠡᠯᠡᠰᠦᠷᠬᠡᠭᠵᠢᠯ ᠢ ᠵᠠᠰᠠᠬᠤ ᠬᠦᠴᠦᠷᠬᠡᠭ ᠶᠡᠭᠡ ᠬᠦᠴᠦᠨ ᠴᠢᠳᠠᠯ ᠢ ᠢᠯᠡᠷᠡᠭᠦᠯᠦᠭᠰᠡᠨ ᠢᠶᠠᠷ | ᠪᠠᠷᠠᠬᠤ ᠦᠭᠡᠶ᠂ ᠨᠡᠩ ᠴᠤ ᠪᠦᠬᠦ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ | ᠢᠨᠵᠧᠨᠧᠷᠢᠩ ᠳᠤ ᠰᠢᠨ᠎ᠡ ᠠᠮᠢᠵᠢᠷᠠᠯ ᠤᠨ ᠬᠦᠴᠦᠨ ᠪᠠ ᠬᠦᠴᠦᠨ ᠴᠢᠳᠠᠯ ᠣᠯᠭᠤᠭᠰᠠᠨ ᠪᠠᠶᠢᠨ᠎ᠠ᠃ | ᠮᠧᠩ ᠼᠤᠤ ᠤᠶᠤᠨᠲᠤ ᠲᠣᠨᠣᠭᠯᠠᠯ ᠤᠨ ᠰᠤᠳᠤᠯᠭᠠᠨ ᠤ ᠬᠦᠷᠢᠶᠡᠯᠡᠩ ᠤᠨ ᠶᠡᠷᠦᠩᠬᠡᠢ ᠢᠨᠵᠧᠨᠧᠷ ᠮᠠ ᠢᠦ᠋ᠢ | ᠨᠦᠩ᠄ ︽ᠲᠤᠰ ᠤᠳᠠᠭ᠎ᠠ ᠶᠢᠨ ᠠᠵᠢᠯᠯᠠᠭ᠎ᠠ ᠳᠤᠮᠳᠠ᠂ ᠪᠢᠳᠠ ᠪᠤᠳᠠ ᠮᠣᠳᠣ ᠲᠠᠷᠢᠬᠤ᠂ ᠪᠤᠳᠠ ᠮᠣᠳᠣᠨ ᠤ | ᠡᠯᠡᠰᠦᠨ ᠬᠠᠯᠬᠠᠪᠴᠢ ᠲᠠᠷᠢᠬᠤ ᠶᠢ ᠨᠢᠭᠡ ᠴᠤᠬᠴᠠᠵᠢᠭᠤᠯᠤᠬᠰᠠᠨ ᠮᠠᠰᠢᠨ ᠪᠠ ᠪᠦᠬᠦ ᠭᠠᠵᠠᠷ ᠤᠨ ᠭᠠᠳᠠᠷᠭᠤ ᠶᠢᠨ | ᠲᠣᠨᠣᠭᠯᠠᠯ᠂ ᠪᠦᠬᠦᠯᠢ ᠴᠣᠭᠴᠠ ᠶᠢᠨ ᠲᠦᠷᠦᠯ ᠵᠦᠢᠯ ᠤᠨ ᠲᠤᠯᠭᠠᠭᠤᠷᠢᠯᠠᠯ ᠪᠣᠯᠤᠭᠰᠠᠨ ᠳᠤᠭᠤᠢ ᠲᠡᠷᠭᠡ ᠵᠡᠷᠭᠡ ᠶᠢ | ᠪᠠᠭᠲᠠᠭᠠᠭᠰᠠᠨ 6 ᠲᠦᠷᠦᠯ ᠤᠨ ᠲᠥᠬᠦᠭᠡᠷᠦᠮᠵᠢ ᠶᠢ ᠤᠷᠤᠭᠤᠯᠵᠠᠢ᠃︾ ᠬᠡᠵᠡᠢ᠃ | ᠲᠣᠰ ᠤᠳᠠᠭᠠᠨ ᠤ ᠶᠡᠭᠡ ᠳᠠᠶᠢᠯᠠᠯᠳᠤᠭᠠᠨ ᠨᠢ 2025 ᠣᠨ ᠤ ᠪᠥᠬᠦ ᠬᠤᠰᠢᠭᠤᠨ ᠤ ᠡᠯᠡᠰᠦᠷᠬᠡᠭᠵᠢᠯ ᠢ | ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ︽ᠲᠣᠮᠣ ᠬᠥᠰᠢᠭᠡ︾ ᠶᠢ ᠨᠡᠭᠡᠭᠡᠵᠤ ᠥᠷᠭᠡᠨ ᠤᠯᠠᠨ ᠺᠠᠳ᠋ᠷ ᠤᠯᠠᠨ | ᠲᠦᠮᠡᠨ ᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠯᠠᠨ | ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠳᠠᠶᠢᠯᠠᠯᠳᠤᠭᠠᠨ ᠤ ᠢᠯᠠᠯᠲᠠ ᠤᠯᠬᠤ ᠶᠢ ᠲᠠᠶᠢᠴᠢᠯᠬᠠᠰᠠᠠ | ᠪᠠᠶᠢᠨ᠎ᠠ᠃ | ᠲᠠᠪᠦ ᠨᠢᠬᠡ ᠮᠠᠯᠵᠢᠯ ᠤᠨ ᠲᠠᠯᠠᠪᠠᠶ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠤᠰᠬᠠᠶ ᠮᠡᠷᠭᠡᠵᠢᠯ | ᠤᠨ ᠠᠵᠢᠯᠯᠠᠭᠴᠢ ᠯᠢᠦᠶ ᠴᠢᠤᠸᠠᠨ᠄ ︽ᠰᠢᠨ᠎ᠡ ᠴᠠᠭ ᠦᠶ᠎ᠡ ᠶᠢᠨ ᠰᠢᠯᠢᠳᠡᠭ ᠡᠷᠦᠬᠡ ᠶᠢᠨ ᠴᠡᠷᠢᠭ ᠪᠣᠯᠤᠭᠰᠠᠨ ᠤ | ᠬᠤᠪᠢ ᠳᠤ᠂ ᠲᠣᠰ ᠤᠳᠠᠭᠠᠨ ᠤ ᠡᠯᠡᠰᠦ ᠶᠢ ᠵᠠᠰᠠᠬᠤ ᠠᠵᠢᠯᠯᠠᠭ᠎ᠠ ᠳᠤ ᠣᠷᠣᠯᠴᠠᠭᠰᠠᠨ ᠳᠠᠭᠠᠨ ᠮᠠᠰᠢ ᠠᠵᠠ ᠲᠠᠢ | ᠪᠠᠶᠢᠨ᠎ᠠ᠂ ᠡᠭᠦᠨ ᠤ ᠬᠠᠮᠲᠤ ᠡᠯᠡᠰᠦ ᠶᠢ ᠵᠠᠰᠠᠬᠤ ᠠᠵᠢᠯᠯᠠᠭ᠎ᠠ ᠳᠤ ᠣᠷᠣᠯᠴᠠᠬᠤ ᠳᠠᠭᠠᠨ ᠴᠤ ᠡᠯᠡᠰᠦ ᠶᠢ ᠵᠠᠰᠠᠬᠤ | ᠬᠠᠷᠢᠭᠤᠴᠠᠯᠭ᠎ᠠ ᠬᠦᠨᠳᠦ ᠴᠢᠬᠤᠯᠠ ᠭᠡᠳᠡᠭ ᠢ ᠭᠦᠨᠵᠡᠭᠡᠶ ᠰᠡᠷᠡᠵᠦ ᠮᠡᠳᠡᠵᠡᠶ᠂ ᠬᠤᠶᠢᠰᠢᠳᠠ ᠶᠢᠨ ᠠᠵᠢᠯ ᠤᠨ ᠳᠤᠮᠳᠠ᠂ | ᠪᠢ ᠡᠷᠦᠬᠡ ᠶᠢᠨ ᠴᠡᠷᠢᠭ ᠤᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠯᠢᠳᠡᠭ ᠰᠤᠷᠲᠠᠯ | ᠢᠶᠠᠨ ᠪᠠᠷᠢᠮᠲᠠᠯᠠᠨ᠂ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ | ᠲᠠᠶᠢᠯᠠᠯᠳᠣᠭᠠᠨ ᠳᠤ ᠬᠤᠪᠢ ᠨᠡᠮᠡᠷᠢ ᠪᠠᠨ ᠦᠵᠡᠭᠦᠯᠦᠨ᠎ᠡ︾ ᠬᠡᠯᠡ᠃ | ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠣᠷᠣᠭᠴᠢ ᠵᠠᠶᠠᠭᠠᠲᠠᠶ᠄ ︽ | ᠥᠨᠥᠳᠦᠷ ᠠᠳᠡ ᠢᠷᠡᠵᠦ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠭᠰᠠᠨ ᠳᠠᠭᠠᠨ ᠪᠢ ᠮᠠᠰᠢ | ᠣᠮᠣᠭᠰᠢᠵᠤ ᠪᠠᠶᠢᠨ᠎ᠠ᠂ ᠵᠠᠯᠭᠠᠭᠠᠳ ᠪᠢ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠢᠯᠡᠭᠦᠬᠡᠨ | ᠣᠷᠣᠯᠴᠠᠵᠤ᠂ ᠰᠢᠯᠤᠭᠤᠨ ᠬᠥᠬᠡ ᠬᠤᠰᠢᠭᠤᠨ ᠤ ᠡᠯᠡᠰᠦ ᠶᠢ ᠵᠠᠰᠠᠬᠤ ᠦᠶᠯᠡᠰ ᠲᠤ ᠥᠪᠡᠷ ᠤᠨ ᠬᠤᠪᠢ ᠨᠡᠮᠡᠷᠢ | ᠪᠠᠨ ᠦᠵᠡᠭᠦᠯᠦᠨ᠎ᠡ︾ ᠬᠡᠯᠡ᠃ | 2025 ᠣᠨ ᠳᠤ᠂ ᠰᠢᠯᠤᠭᠤᠨ ᠬᠥᠬᠡ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ | ᠵᠠᠰᠠᠬᠤ ᠳᠠᠶᠢᠯᠠᠯᠳᠤᠭᠠᠨ ᠢ ᠰᠠᠶᠢᠲᠤᠷ ᠬᠢᠬᠦ ᠭᠤᠤᠯ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ | ᠲᠠᠢ ᠲᠥᠷᠥᠯ ᠵᠦᠶᠯ ᠤᠨ ᠡᠯᠡᠰᠦ ᠶᠢ ᠵᠠᠰᠠᠬᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ᠂ ᠲᠠᠯ᠎ᠠ ᠨᠤᠲᠤᠭ ᠤᠨ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠣᠯᠠᠨ ᠲᠠᠯ᠎ᠠ ᠪᠠᠷ ᠬᠦᠴᠦᠯᠡᠬᠦ ᠪᠠᠷ ᠳᠡᠮᠵᠢᠨ᠂ ᠡᠯᠡᠰᠦᠨ | ᠬᠠᠯᠬᠠᠪᠴᠢ ᠶᠢᠨ ᠦᠷ᠎ᠡ ᠰᠠᠴᠤᠬᠤ ᠮᠠᠰᠢᠨ᠂ ᠨᠦᠬᠡᠯᠡᠬᠦ ᠮᠠᠰᠢᠨ ᠵᠡᠷᠬᠡ ᠮᠡᠷᠭᠡᠵᠢᠯ ᠢ ᠪᠥᠬᠦ ᠲᠠᠯ᠎ᠠ ᠪᠠᠷ ᠬᠡᠷᠡᠭᠯᠡᠵᠦ | ᠰᠠᠶᠢᠨ ᠥᠷ᠎ᠠ ᠪᠥᠳᠥᠮᠵᠢ ᠭᠠᠷᠭᠠᠬᠤ ᠪᠠᠷ ᠴᠢᠷᠮᠠᠶᠢᠵᠤ ᠪᠤᠢ᠃ | ᠣᠶᠢᠯᠠᠭᠠᠭᠰᠠᠨ ᠢᠶᠠᠷ᠂ 2025 ᠣᠨ ᠳᠤ 138.87 ᠲᠦᠮᠡᠨ ᠮᠥ ᠡᠯᠡᠰᠦᠷᠭᠡᠭ ᠭᠠᠵᠠᠷ ᠵᠠᠰᠠᠬᠤ ᠶᠢ | ᠪᠡᠶᠡᠯᠡᠭᠦᠯᠬᠦ ᠪᠠᠷ ᠵᠢᠱᠢᠵᠦ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠰᠢᠯᠤᠭᠤᠨ ᠬᠥᠬᠡ ᠬᠤᠰᠢᠭᠤ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠭᠤᠶᠢᠪᠢᠰᠢ ᠥᠬᠡᠶ ᠭᠦᠨᠵᠡᠭᠡᠶ | ᠲᠤᠭᠤᠰᠢᠯᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠣᠶᠢᠯᠠᠭᠠᠭᠳᠠᠬᠤᠨ ᠢ ᠰᠡᠳᠬᠢᠯ ᠳᠡᠭᠡᠨ ᠬᠠᠳᠠᠩᠰᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠪᠤᠨ ᠶᠡᠭᠡ ᠡᠭᠦᠷᠭᠡ ᠲᠠᠢ ᠪᠥᠬᠦ ᠲᠠᠯ᠎ᠠ ᠪᠠᠷ ᠪᠠᠷᠢᠮᠵᠢᠶᠠᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠮᠢᠳᠤᠯᠢᠭ ᠦᠶᠯᠡᠳᠦᠯᠭᠡ ᠳᠤ ᠢᠳᠡᠪᠬᠢᠲᠡᠶ ᠠᠭᠤᠰᠤᠯᠴᠠᠵᠤ᠂ ᠡᠯᠡᠰᠦᠷᠬᠡᠭ | ᠭᠠᠵᠠᠷ ᠢ ᠵᠠᠰᠠᠬᠤ ᠢᠨᠵᠧᠨᠧᠷᠢᠩ ᠢ ᠪᠥᠬᠦ ᠬᠦᠴᠦᠨ ᠢᠶᠠᠷ ᠳᠥᠯᠭᠢᠨ ᠠᠬᠢᠭᠤᠯᠵᠤ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠢ ᠵᠠᠰᠠᠬᠤ ᠠᠵᠢᠯ ᠡᠬᠢᠯᠡᠭᠰᠡᠨ ᠠᠴᠠ ᠨᠠᠭᠠᠰᠢ᠂ ᠪᠥᠬᠦ ᠬᠤᠰᠢᠭᠤᠨ ᠤ ᠡᠯᠡᠰᠦᠷᠬᠡᠭ ᠭᠠᠵᠠᠷ ᠢ | ᠵᠠᠰᠠᠭᠰᠠᠨ ᠲᠠᠯᠠᠪᠠᠶ 92.97 ᠲᠦᠮᠡᠨ ᠮᠥ ᠳᠤ ᠬᠦᠷᠴᠦ᠂ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ | ᠰᠠᠶᠢᠵᠢᠷᠠᠵᠠᠢ᠃ | ᠰᠢᠯᠤᠭᠤᠨ ᠬᠥᠬᠡ ᠬᠤᠰᠢᠭᠤᠨ ᠤ ᠰᠠᠩ ᠤᠨ ᠲᠡᠯᠡᠶ ᠪᠠᠯᠭᠠᠰᠣᠨ ᠤ ᠠᠯᠲᠠᠶ ᠭᠠᠴᠠᠭᠠᠨ ᠤ ᠱᠦᠵᠢ | ᠰᠠᠶᠢᠨᠡᠷᠳᠡᠨᠢ᠄ ︽ᠠᠯᠲᠠᠶ ᠭᠠᠴᠠᠭᠠᠨ ᠤ ᠡᠯᠡᠰᠦᠷᠬᠡᠭ ᠭᠠᠵᠠᠷ ᠤᠨ ᠲᠠᠯᠠᠪᠠᠶ ᠨᠡᠶᠢᠲᠡ 7.64 ᠲᠦᠮᠡᠨ ᠮᠥ ᠪᠠᠶᠢᠵᠤ᠂ | ᠡᠭᠦᠨ ᠳᠤ ᠨᠡᠭᠦᠳᠡᠯ ᠡᠯᠡᠰᠦᠷᠬᠡᠭ ᠭᠠᠵᠠᠷ 1. 4 ᠲᠦᠮᠡᠨ ᠮᠥ ᠪᠠᠶᠢᠵᠤ᠂ 6.24 ᠲᠦᠮᠡᠨ ᠮᠥ ᠡᠯᠡᠰᠦᠷᠬᠡᠭ ᠭᠠᠵᠠᠷ | ᠢ ᠲᠣᠭᠲᠠᠪᠤᠷᠢᠵᠢᠭᠤᠯᠪᠠ᠃ ︽ᠥᠪᠥᠷ ᠮᠣᠩᠭᠤᠯ ᠾᠧᠪᠧᠶ ᠶᠢᠨ ᠵᠠᠭᠠᠭ︾ ᠤᠨ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠶᠯ ᠢᠶᠠᠷ ᠳᠠᠮᠵᠢᠭᠤᠯᠤᠨ᠂ ᠮᠠᠯᠴᠢᠳ ᠢ ᠳᠠᠶᠢᠴᠢᠯᠠᠨ | ᠣᠷᠣᠯᠴᠠᠭᠤᠯᠵᠤ᠂ ᠮᠠᠯᠴᠢᠨ ᠲᠠᠷᠢᠶᠠᠴᠢᠨ ᠤ ᠠᠵᠤ ᠠᠬᠤᠶ ᠶᠢᠨ ᠣᠷᠣᠯᠭ᠎ᠠ ᠶᠢ ᠲᠡᠭᠡᠭᠰᠢᠯᠡᠬᠦᠯᠦᠨ᠂ ᠬᠥᠮᠦᠨ | ᠳᠤᠮᠳᠠᠴᠢ ᠶᠢᠨ ᠣᠷᠣᠯᠭ᠎ᠠ ᠶᠢ ᠲᠦᠮᠡᠨ ᠲᠥᠭᠦᠷᠢᠭ ᠣᠷᠴᠢᠮ ᠪᠣᠯᠭᠠᠪᠠ᠃ ᠡᠨᠡ ᠬᠦ ᠲᠥᠷᠥᠯ ᠵᠦᠢᠯ ᠤᠨ ᠶᠠᠪᠤᠴᠠ | ᠳᠤ᠂ ᠠᠵᠤ ᠠᠬᠤᠢ ᠪᠠ ᠠᠮᠢ ᠠᠬᠤᠢ ᠶᠢᠨ ᠬᠤᠣᠰ ᠠᠮᠵᠢᠯᠲᠠ ᠶᠢ ᠣᠯᠵᠠᠢ︾ ᠬᠡᠯᠡ᠃ | ᠬᠥᠮᠦᠨ ᠤ ᠬᠦᠴᠦ ᠪᠠᠷ ᠡᠯᠡᠰᠦ ᠶᠢ ᠲᠣᠭᠲᠠᠪᠤᠷᠢᠵᠢᠭᠤᠯᠬᠤ ᠠᠴᠠ ᠮᠧᠬᠠᠨᠢᠭ ᠢᠶᠠᠷ ᠠᠵᠢᠯᠯᠠᠬᠤ ᠬᠦᠷᠲᠡᠯ᠎ᠡ᠂ | ᠲᠠᠩ ᠭᠠᠭᠴᠠ ᠵᠠᠰᠠᠯᠲᠠ ᠠᠴᠠ ︽ᠠᠮᠢ ᠠᠬᠤᠢ + ᠠᠵᠤ ᠦᠢᠯᠡᠰ︾ ᠢ ᠠᠭᠤᠰᠤᠯᠴᠠᠭᠤᠯᠤᠨ ᠬᠥᠭᠵᠢᠭᠦᠯᠬᠦ | ᠬᠦᠷᠲᠡᠯᠡᠰᠢᠯᠤᠭᠤᠨ ᠬᠦᠬᠡ ᠬᠤᠰᠢᠭᠤ ᠪᠦᠬᠦ ᠠᠷᠠᠳ ᠢᠶᠠᠷ ᠢᠶᠠᠨ ᠣᠷᠣᠯᠴᠠᠭᠰᠠᠨ ᠡᠯᠡᠰᠦ ᠶᠢ ᠵᠠᠰᠠᠬᠤ ᠵᠠᠮ ᠢ | ᠢᠳᠡᠪᠬᠢᠲᠡᠢ ᠬᠠᠶᠢᠨ ᠰᠦᠪᠡᠭᠴᠢᠯᠡᠵᠦ᠂ ᠡᠭᠡ ᠤᠯᠤᠰ ᠤᠨ ᠤᠮᠠᠷᠠᠲᠤ ᠬᠢᠯᠢ ᠳᠤ ᠪᠠᠲᠤ ᠪᠠᠬᠢ ᠪᠣᠬᠢᠷᠲᠤᠯ ᠦᠭᠡᠢ | ᠬᠠᠯᠬᠠᠪᠴᠢ ᠶᠢ ᠴᠣᠭᠴᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ ᠳᠤ | ᠬᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | | | |