︽ᠡᠷᠡᠬᠦᠯᠵᠢᠯ ᠰᠣᠪᠢᠯᠠᠯᠳᠠ ᠰᠣᠶᠣᠯ ᠵᠢᠭᠤᠯᠴᠢᠯᠠᠯ ᠤᠨ ᠭᠠᠷᠠᠭ ᠤᠨ ᠠᠵᠢᠯᠯᠠᠭ᠎ᠠ︾᠎ ᠤᠨ ᠴᠠᠭᠠᠨ ᠢᠳᠡᠬᠡᠨ ᠤ ᠲᠦᠷᠦᠯ ᠵᠦᠶᠯ ᠢ ᠰᠢᠯᠭᠠᠨ ᠲᠠᠨᠢᠯᠴᠠᠭᠤᠯᠬᠤ ᠪᠠ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠠᠪᠣᠬᠳᠠᠯ᠎ᠠ
ᠨᠡᠶᠢᠲᠡᠯᠡᠭᠰᠡᠨ ᠴᠠᠭ᠄
2025/4/14
         4 ᠰᠠᠷ᠎ᠠ ᠶᠢᠨ 7᠎ ᠤ ᠡᠳᠦᠷ᠂ ᠰᠢᠯᠤᠭᠤᠨ ᠬᠥᠬᠡ ᠬᠤᠰᠢᠭᠤᠨ ᠤ ︽ᠡᠷᠡᠬᠦᠯᠵᠢᠯ ᠰᠣᠪᠢᠯᠠᠯᠳᠠ ᠰᠣᠶᠣᠯ ᠵᠢᠭᠤᠯᠴᠢᠯᠠᠯ ᠤᠨ ᠭᠠᠷᠠᠭ ᠤᠨ ᠠᠵᠢᠯᠯᠠᠭ᠎ᠠ︾᠎ ᠤᠨ ᠴᠠᠭᠠᠨ ᠢᠳᠡᠬᠡᠨ ᠤ ᠲᠦᠷᠦᠯ ᠵᠦᠶᠯ ᠢ ᠰᠢᠯᠭᠠᠨ ᠲᠠᠨᠢᠯᠴᠠᠭᠤᠯᠬᠤ ᠪᠠ ᠪᠡᠶᠡᠴᠢᠯᠡᠨ ᠣᠶᠢᠯᠠᠭᠠᠬᠤ ᠠᠵᠢᠯᠯᠠᠭ᠎ᠠ ᠰᠢᠯᠤᠭᠤᠨ ᠬᠥᠬᠡ ᠬᠤᠰᠢᠭᠤᠨ ᠤ ᠴᠠᠭᠠᠨ ᠢᠳᠡᠬᠡᠨ ᠤ ᠵᠣᠭᠤᠭ ᠤᠨ ᠦᠷᠦᠬᠡᠨ ᠳᠤ ᠶᠠᠪᠤᠭᠳᠠᠵᠤ᠂ ᠣᠯᠠᠨ ᠵᠤᠭᠠᠴᠠᠭᠰᠠᠳ‌‍ᠪᠤᠯᠥᠨ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠠᠩᠬᠠᠷᠤᠯ ᠳᠤ ᠬᠦᠷᠴᠦ᠂ ᠲᠣᠰ ᠤᠳᠠᠭᠠᠨ ᠤ ᠠᠵᠢᠯᠯᠠᠭ᠎ᠠ ᠶᠢᠨ ᠨᠢᠭᠡᠨ ᠬᠢᠯᠠᠰ ᠴᠡᠭ ᠪᠣᠯᠤᠭᠰᠠᠨ ᠪᠠᠶᠢᠨ᠎ᠠ᠃         ᠴᠠᠭᠠᠨ ᠢᠳᠡᠭᠡ ᠶᠢ ᠰᠢᠯᠭᠠᠨ ᠲᠠᠨᠢᠯᠴᠠᠭᠤᠯᠬᠤ ᠠᠬᠤᠶ ᠲᠠᠯᠠᠪᠠᠶ ᠳᠤ᠂ ᠰᠠᠭᠠᠯᠢ ᠶᠢᠨ ᠠᠷᠢᠬᠢ᠂ ᠥᠷᠥᠮ᠎ᠡ᠂ ᠴᠣᠷ᠎ᠠ᠂ ᠰᠦᠨ ᠰᠢᠬᠢᠷ ᠵᠡᠷᠬᠡ ᠨᠢ ᠲᠠᠯ᠎ᠠ ᠨᠤᠲᠤᠭ ᠤᠨ ᠢᠳᠡᠭᠡᠨ ᠤᠮᠳᠠᠭᠠᠨ ᠤ ᠰᠣᠶᠣᠯ ‍ᠤᠨ‌ᠥᠪᠡᠷᠮᠢᠴᠡ ᠣᠨᠴᠠᠯᠢᠭ ᠎ ᠢ ᠪᠥᠬᠦ ᠲᠠᠯ᠎ᠠ ᠪᠠᠷ ᠬᠠᠷᠠᠭᠤᠯᠵᠠᠢ᠃        ᠠᠵᠢᠯᠯᠠᠭ᠎ᠠ ᠳᠤ ᠤᠷᠤᠯᠴᠠᠵᠦ ᠪᠠᠶᠢᠭ᠎ᠠ ᠭᠠᠳᠠᠨ᠎ᠠ ᠣᠷᠣᠨ ᠤ ᠵᠤᠭᠠᠴᠠᠭᠰᠠᠳ ᠥᠨᠣᠷ ᠠᠮᠳᠠ ᠬᠤᠥᠰᠯᠠᠬᠰᠡᠨ‌ᠥᠪᠡᠷᠮᠢᠴᠡ ᠣᠨᠴᠠᠯᠢᠭ ᠪᠦᠬᠦᠢ ᠴᠠᠭᠠᠨ ᠢᠳᠡᠭᠡᠨ ᠢ ᠠᠮᠳᠠᠯᠠᠨ᠂ ᠲᠠᠯ᠎ᠠ ᠨᠤᠲᠤᠭ ᠤᠨ ᠢᠳᠡᠭᠡᠨ ᠤᠮᠳᠠᠭᠠᠨ ᠤ ᠰᠣᠶᠣᠯ ᠢ ᠥᠶᠢᠯᠭᠠᠨ ᠮᠡᠳᠡᠷᠡᠵᠦ ᠪᠠᠶᠢᠯ᠎ᠠ᠃ ᠤᠯᠠᠮᠵᠢᠯᠠᠯᠲᠤ ᠥᠶᠢᠯᠡᠳᠬᠡᠯ ‍ᠣᠨ‌‍ᠲ᠋ᠤᠬᠠᠶ ᠶᠢᠨ ᠲᠠᠯᠠᠪᠠᠶ ᠳ᠋ᠠᠬᠢ‌ᠠᠯᠳᠠᠩᠬᠤᠸ᠎ᠠ ᠴᠡᠴᠡᠭ ᠣᠷᠠᠯᠠᠵᠣ ᠬᠠᠳᠬᠤᠬᠤ ᠲᠣᠭᠤᠷᠢᠭ ᠲᠤ ᠥᠩᠭᠡ ᠪᠤᠳᠤᠭ ᠨᠢ ᠭᠤᠶᠢᠳᠠ ᠰᠠᠶᠢᠬᠠᠨ ᠴᠡᠴᠡᠭ ᠤᠳ ᠵᠣᠴᠢᠳ ᠤᠨ ᠬᠠᠷᠠᠭ᠎ᠠ ᠶᠢ ᠪᠣᠯᠢᠶᠠᠵᠣ᠂ ᠲᠡᠳᠡ ᠵᠢᠷᠤᠭ ᠰᠡᠬᠦᠳᠡᠷ ᠲᠠᠳᠠᠵᠣ ᠪᠠᠶᠢᠯ᠎ᠠ᠃         ᠡᠬᠦᠨ ᠠᠴᠠ ᠭᠠᠳᠠᠨ᠎ᠠ‌ᠮᠣᠩᠭᠤᠯ ᠦᠨᠳᠦᠰᠦᠲᠡᠨ ᠤ ᠢᠰᠡᠭᠡᠶ ᠬᠠᠳᠬᠤᠮᠠᠯ᠂ ᠶᠠᠰᠤᠨ ᠰᠡᠶᠢᠯᠦᠮᠡᠯ᠂ ᠦᠨᠳᠦᠰᠦᠨ ᠰᠡᠶᠢᠯᠦᠮᠡᠯ᠂ ᠠᠯᠲᠠ ᠮᠥᠩᠭᠦᠨ ᠡᠳ᠋ᠯᠡᠯ᠂ ᠬᠤᠪᠴᠠᠰᠤ ᠵᠠᠰᠠᠯ᠂ ᠴᠠᠬᠠᠷ ᠡᠮᠡᠭᠡᠯ᠂ ᠡᠯᠡᠰᠦᠨ ᠵᠢᠷᠤᠭ ᠵᠡᠷᠭᠡ ᠭᠦᠨ ᠵᠤᠵᠠᠭᠠᠨ ᠲᠡᠦᠬᠡ ᠶᠢᠨ ᠠᠭᠤᠯᠤᠭᠳᠠᠬᠤᠨ ᠲᠠᠢ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠎ ᠤᠨ ᠲᠡᠯᠭᠡᠨ ᠦᠵᠡᠭᠦᠯᠦᠯᠭᠡ ᠶᠢᠨ ᠲᠣᠭᠤᠷᠢᠭ ᠢᠶᠠᠷ ᠬᠥᠮᠥᠰ ᠲᠣᠭᠤᠷᠢᠨ ᠦᠵᠡᠬᠦ ᠶᠢᠨ ᠬᠠᠮᠳᠣ ᠠᠵᠢᠯᠲᠠᠨ ᠤ ᠲᠠᠶᠢᠯᠪᠤᠷᠢᠯᠠᠯᠲᠠ ᠶᠢ ᠰᠣᠨᠣᠰᠣᠨ᠂ ᠨᠢᠮᠪᠠᠢ  ᠤᠶᠢᠯᠠᠭᠠᠠᠠᠰᠠᠠ ᠪᠠᠶᠢᠨ᠎ᠠ᠃        ᠵᠤᠭᠠᠴᠬᠠᠴᠢ ᠴᠢ ᠡᠾᠦ᠋ᠢ ᠬᠡᠯᠡᠬᠦ ᠳᠡᠭᠡᠨ᠄ ︽ᠰᠢᠯᠤᠭᠤᠨ ᠬᠦᠬᠡ ᠬᠤᠰᠢᠭᠤᠨ ᠳᠤ ᠢᠷᠡᠬᠡᠳ ᠮᠠᠰᠢ ᠪᠠᠶᠠᠷᠳᠠᠢ ᠪᠠᠶᠢᠨ᠎ᠠ᠂ ᠡᠨᠡ ᠤᠳᠠᠭ᠎ᠠ ᠰᠢᠯᠤᠭᠤᠨ ᠬᠦᠬᠡ ᠬᠤᠰᠢᠭᠤ ᠴᠠᠭᠠᠨ ᠢᠳᠡᠬᠡᠨ ᠤ ᠪᠦᠲᠦᠭᠡᠭᠳᠡᠬᠦᠨ ᠢ ᠳᠡᠯᠭᠡᠨ ᠦᠵᠡᠭᠦᠯᠵᠡᠢ᠃ ᠪᠢᠳᠡ ᠬᠡᠳᠦᠶᠢᠪᠡᠷ ᠥᠪᠥᠷ ᠮᠣᠩᠭᠤᠯ ᠤᠨ ᠬᠥᠮᠦᠨ ᠪᠣᠯᠪᠠᠴᠤ ᠠᠩᠬ᠎ᠠ ᠤᠳᠠᠭ᠎ᠠ ᠡᠶᠢᠮᠦ ᠲᠡᠯᠬᠡᠨ ᠦᠵᠡᠬᠦᠯᠬᠡ ᠶᠢ ᠦᠵᠡᠵᠦ ᠪᠠᠶᠢᠨ᠎ᠠ᠂ ᠲᠡᠷᠡᠴᠢᠯᠡᠨ ᠡᠯ᠎ᠡ ᠦᠢᠯᠡᠳᠪᠦᠷᠢ ᠶᠢ ᠡᠶᠢᠮᠦ ᠰᠠᠶᠢᠨ ᠡᠵᠡᠩᠨᠡᠯᠲᠡ ᠶᠢᠨ ᠣᠷᠴᠢᠨ ᠲᠣᠭᠤᠷᠢᠨ ᠳᠤ ᠲᠥᠪᠯᠡᠷᠡᠭᠦᠯᠵᠦ ᠴᠢᠳ᠋ᠬᠠᠰᠠᠨ ᠨᠢ ᠰᠢᠯᠤᠭᠤᠨ ᠬᠦᠬᠡ ᠬᠤᠰᠢᠭᠤ ᠨᠢ ᠥᠪᠥᠷ ᠮᠣᠩᠭᠤᠯ᠂ ᠪᠦᠬᠦ ᠤᠯᠤᠰ ᠲᠤ ᠮᠠᠰᠢ ᠰᠠᠶᠢᠨ ᠵᠢᠱᠢᠶ᠎ᠡ ᠦᠵᠡᠭᠦᠯᠬᠦ ᠪᠣᠯᠤᠨ᠎ᠠ᠂ ᠪᠢᠳᠡ ᠴᠦ ᠡᠳᠡᠭᠡᠷ ᠵᠦᠢᠯᠡᠰ ᠢ ᠪᠦᠬᠦ ᠤᠯᠤᠰ ᠤᠨ ᠠᠷᠠᠳ ᠲᠦᠮᠡᠨ ᠳᠤ ᠤᠬᠠᠭᠤᠯᠬᠤ ᠪᠣᠯᠤᠨ᠎ᠠ︾ ᠬᠡᠯ᠎ᠡ᠃        ᠲᠤᠬᠠᠢ ᠶᠢᠨ ᠲᠠᠯᠠᠪᠠᠢ ᠳᠤ᠂ ᠬᠤᠰᠢᠭᠤ ᠤᠯᠠᠭᠠᠨᠮᠥ᠋ᠴᠢᠷ ᠤᠨ ᠲᠣᠭᠯᠠᠭᠴᠢᠳ ᠭᠤᠴᠣ ᠰᠠᠶᠢᠬᠠᠨ‌‍ᠲ᠋ᠣᠠᠠᠯᠠᠯᠳᠠ ᠎ ᠪᠠᠨ ᠣᠯᠠᠨ ᠳᠤ ᠰᠣᠨᠢᠷᠬᠠᠭᠤᠯᠣᠯ᠎ᠠ᠃       ᠲᠣᠰ ᠤᠳᠠᠭᠠᠨ ᠤ ᠴᠠᠭᠠᠨ ᠢᠳᠡᠭᠡ ᠶᠢ ᠰᠢᠯᠭᠠᠨ ᠲᠠᠨᠢᠯᠴᠠᠭᠤᠯᠬᠤ ᠪᠠ ᠤᠯᠠᠮᠵᠢᠯᠠᠯᠲᠤ ᠦᠶᠯᠡᠳᠬᠡᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠨᠢ ᠰᠢᠯᠣᠭᠤᠨ ᠬᠦᠬᠡ ᠬᠤᠰᠢᠭᠤᠨ ᠤ ᠡᠷᠡᠬᠦᠯᠵᠢᠯ ᠰᠣᠪᠢᠯᠠᠯᠳᠠ ᠰᠣᠶᠣᠯ ᠵᠢᠭᠤᠯᠴᠢᠯᠠᠯ ᠤᠨ ᠭᠠᠷᠠᠭ ᠤᠨ ᠠᠵᠢᠯᠯᠠᠭ᠎ᠠ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠨᠡᠮᠡᠷᠢᠯᠡᠵᠦ᠂ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠠᠢ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号