4 ᠰᠠᠷ᠎ᠠ ᠶᠢᠨ 7 ᠤ ᠡᠳᠦᠷ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ | ᠶᠡᠭᠡ ᠲᠤᠭ᠎ᠠ ᠪᠠᠷᠢᠮᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ | ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠤᠷᠠᠯᠳᠣᠭᠤᠯᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠬᠤᠸᠠᠩ ᠶᠦᠩ ᠬᠤᠷᠠᠯ ᠢ ᠡᠷᠭᠢᠯᠡᠪᠡ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ᠂ ᠬᠤᠰᠢᠭᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ᠂ ᠶᠡᠭᠡ ᠲᠤᠭ᠎ᠠ ᠪᠠᠷᠢᠮᠲᠠ ᠶᠢᠨ | ᠰᠢᠨᠵᠢᠯᠡᠬᠦ ᠣᠬᠠᠭᠠᠨ ᠮᠡᠷᠬᠡᠵᠢᠯ ᠤᠨ ᠪᠦᠯᠦᠭᠯᠡᠯ ᠤᠨ ᠬᠤᠪᠢ ᠣᠷᠣᠭᠤᠯᠣᠠᠠᠰᠠᠨ ᠬᠢᠵᠠᠭᠠᠷᠳᠣ ᠺᠣᠮᠫᠠᠨᠢ ᠶᠢᠨ ᠳᠡᠭᠡᠳᠦ | ᠵᠡᠷᠭᠡ ᠶᠢᠨ ᠳᠡᠳ᠋ ᠶᠡᠷᠦᠩᠬᠡᠶ ᠵᠠᠬᠢᠷᠤᠯ ᠴᠢᠦ ᠽᠦ ᠢ ᠶᠠᠷᠢᠯᠴᠠᠬᠤ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠢᠯᠤᠭᠤᠨ ᠬᠥᠬᠡ ᠬᠤᠰᠢᠭᠤᠨ ᠤ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠤᠬᠠᠭᠤᠯᠭ᠎ᠠ ᠶᠢᠨ ᠹᠢᠯᠢᠮ ᠢ ᠦᠵᠡᠵᠦ᠂ ᠰᠢᠯᠤᠭᠤᠨ ᠬᠥᠬᠡ ᠬᠤᠰᠢᠭᠤᠨ ᠤ ᠪᠠᠶᠢᠭᠠᠯᠢ | ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠶᠯᠡᠰ ᠤᠨ ᠳᠠᠪᠠᠭᠤᠯᠢᠭ ᠪᠠ ᠬᠥᠭᠵᠢᠯᠲᠡ ᠶᠢᠨ ᠲᠤᠬᠠᠢ | ᠣᠶᠢᠯᠠᠭᠠᠪᠠ᠃ ᠬᠤᠷᠠᠯ ᠲᠡᠭᠡᠷ᠎ᠡ ᠪᠠᠰᠠᠰᠢᠯᠤᠭᠤᠨ ᠬᠥᠬᠡ ᠬᠤᠰᠢᠭᠤᠨ ᠤ ᠰᠢᠨ᠎ᠡ ᠡᠨᠧᠷᠭᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠥᠢᠯ ᠤᠨ ᠠᠵᠢᠯ ᠤᠨ ᠲᠤᠭᠤᠷᠢᠨ ᠳᠤ ᠭᠦᠨᠵᠡᠭᠡᠶ ᠶᠠᠷᠢᠯᠴᠠᠵᠠᠢ᠃ ᠯᠢᠦ ᠰᠢᠶᠤᠤ ᠮᠢᠨ | ᠢᠯᠡᠷᠬᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ | ᠪᠣᠯᠭᠠᠵᠤ᠂ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠬᠡᠵᠡᠢ᠃ | ᠴᠢᠦ ᠽᠦ ᠢ ᠢᠯᠡᠷᠬᠡᠶᠢᠯᠡᠬᠦ ᠳᠡᠭᠡᠨ᠂ ᠰᠢᠯᠤᠭᠤᠨ ᠬᠥᠬᠡ ᠬᠤᠰᠢᠭᠤᠨ ᠤ ᠭᠠᠵᠠᠷ ᠵᠦᠶ ᠶᠢᠨ ᠳᠠᠪᠠᠭᠤᠯᠢᠭ ᠨᠢ | ᠡᠨᠧᠷᠭᠢ ᠶᠢᠨ ᠠᠵᠤ ᠦᠶᠯᠡᠰ ᠢ ᠪᠠᠶᠢᠷᠢᠯᠠᠭᠤᠯᠬᠤ ᠳᠤ ᠮᠠᠰᠢ ᠲᠣᠬᠢᠷᠠᠮᠵᠢᠲᠠᠶ ᠪᠠᠶᠢᠵᠤ᠂ ᠬᠠᠮᠲᠤᠷᠠᠯᠴᠠᠭ᠎ᠠ ᠲᠣᠭᠲᠠᠬᠤ | ᠶᠢ ᠬᠦᠰᠡᠵᠦ ᠪᠠᠶᠢᠬᠤ ᠶᠢᠨ ᠬᠠᠮᠲᠤ ᠺᠣᠮᠫᠠᠨᠢ ᠶᠢᠨ ᠦᠨᠳᠦᠰᠦᠨ ᠲᠣᠶᠢᠮᠣ ᠪᠠᠶᠢᠳᠠᠯ᠂ ᠲᠤᠬᠠᠶᠢᠯᠠᠭᠰᠠᠨ ᠠᠵᠢᠯ ᠤᠨ | ᠲᠠᠯ᠎ᠠ ᠪᠠᠷ ᠲᠠᠨᠢᠯᠴᠠᠭᠤᠯᠭ᠎ᠠ ᠬᠢᠵᠠᠢ᠃ | ᠬᠤᠸᠠᠩ ᠶᠦᠩ ᠴᠢᠬᠤᠯᠠᠴᠢᠯᠠᠬᠤ ᠳᠠᠭᠠᠨ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠢᠨ᠎ᠡ | ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠲᠡᠰ ᠳᠡᠪᠰᠢᠬᠦ ᠵᠡᠷᠭᠡ ᠭᠤᠣᠯᠳᠠᠯᠭ᠎ᠠ ᠲᠠᠢ | ᠬᠦᠷᠢᠶᠡᠨ ᠤ ᠲᠣᠭᠤᠷᠢᠨ ᠳᠤ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠥᠷᠨᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠡᠨᠧᠷᠭᠢ ᠶᠢ ᠬᠠᠮᠲᠤ ᠪᠠᠷ ᠪᠣᠢ ᠪᠣᠯᠭᠠᠨ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠶᠢᠨ ᠬᠠᠮᠲᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠢ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ︽ᠪᠦᠬᠦ | ᠶᠠᠪᠤᠴᠠ᠂ ᠨᠢᠭᠡ ᠥᠷᠳᠡᠭᠡᠴᠢᠯᠡᠭᠰᠡᠡ︾ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠬᠠᠮᠲᠤᠷᠠᠯᠴᠠᠭᠠᠨ ᠤ | ᠲᠦᠷᠦᠯ ᠵᠦᠢᠯ ᠤᠨ ᠠᠵᠢᠯ ᠳᠠᠭᠠᠨ ᠠᠮᠵᠢᠯᠳᠠ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤ ᠳᠠᠷᠤᠭ᠎ᠠ᠂ | ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ | ᠣᠷᠣᠯᠴᠠᠪᠠ᠃ | |