ᠰᠢᠯᠤᠭᠤᠨ ᠬᠥᠬᠡ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶᠠᠵᠠᠳᠠᠢᠡᠷᠡᠬᠦᠯᠵᠢᠯᠰᠤᠪᠢᠯᠠᠯᠳᠠ ᠶᠢᠨ ᠬᠦᠷᠢᠶᠡᠯᠡᠩ ᠲᠠᠢ ᠬᠠᠮᠳᠣᠷᠬᠠᠰᠠᠨ ᠰᠢᠯᠤᠭᠤᠨ ᠬᠥᠬᠡ ᠬᠤᠰᠢᠭᠤᠨ ᠤ | ︽ᠡᠷᠡᠬᠦᠯᠵᠢᠯ ᠰᠣᠪᠢᠯᠠᠯᠳᠠ ᠰᠣᠶᠣᠯ ᠵᠢᠭᠤᠯᠴᠢᠯᠠᠯ ᠤᠨ ᠭᠠᠷᠠᠭ ᠤᠨ ᠠᠵᠢᠯᠯᠠᠭ᠎ᠠ︾ 4 ᠰᠠᠷ᠎ᠠ ᠶᠢᠨ 6 ᠤ ᠡᠳᠦᠷ | ᠡᠬᠢᠯᠡᠯ᠎ᠡ᠃ ᠲᠣᠰ ᠤᠳᠠᠭᠠᠨ ᠤ ᠠᠵᠢᠯᠯᠠᠭ᠎ᠠ ᠨᠢ ︽ᠰᠣᠶᠣᠯ ᠵᠢᠭᠤᠯᠴᠢᠯᠠᠯ + ᠡᠷᠡᠭᠦᠯᠵᠢᠯ ᠰᠤᠪᠢᠯᠠᠯᠲᠠ︾ ᠶᠢ | ᠠᠭᠤᠰᠤᠯᠴᠠᠭᠤᠯᠬᠤ ᠵᠠᠭᠪᠤᠷ ᠲᠤ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠡᠷᠡᠭᠦᠯ ᠮᠡᠨᠳᠦ ᠪᠡᠶ᠎ᠡ ᠰᠤᠪᠢᠯᠠᠯᠲᠠ᠂ | ᠰᠣᠶᠣᠯ ᠢ ᠪᠡᠶᠡᠴᠢᠯᠡᠨ ᠣᠶᠢᠯᠠᠭᠠᠬᠤ᠂ ᠠᠮᠢ ᠠᠬᠤᠶ ᠶᠢᠨ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠣᠨᠴᠠᠯᠢᠭᠲᠤ | ᠨᠠᠷᠠᠲᠤ ᠲᠥᠷᠥᠯ ᠲᠡᠮᠳᠡᠭᠲᠦ ᠶᠢ ᠪᠠᠶᠢᠭᠤᠯᠬᠤ ᠪᠠᠷ ᠵᠤᠷᠢᠯᠳᠠ ᠪᠤᠯᠭᠠᠵᠤ ᠪᠠᠶᠢᠨ᠎ᠠ᠃ | 4 ᠰᠠᠷ᠎ᠠ ᠶᠢᠨ 6 ᠤ ᠡᠳᠦᠷ᠂ ᠠᠵᠠᠳᠠᠢ ᠡᠷᠡᠬᠦᠯᠵᠢᠯ ᠰᠤᠪᠢᠯᠠᠯᠲᠠ ᠶᠢᠨ ᠬᠦᠷᠢᠶᠡᠯᠡᠩ ᠳᠤ ᠠᠩᠬᠠᠳᠠᠭᠴᠢ | ᠲᠠᠯᠠᠪᠤᠷ ︽ᠰᠣᠶᠣᠯ ᠵᠢᠭᠤᠯᠴᠢᠯᠠᠯ + ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠲᠠᠨᠢᠯᠴᠠᠭᠤᠯᠭ᠎ᠠ + ᠦᠨᠳᠦᠰᠦᠲᠡᠨ ᠤ ᠬᠤᠪᠴᠠᠰᠤ ᠵᠠᠰᠠᠯ ᠤᠨ ᠰᠣᠶᠣᠯ ᠢ ᠪᠡᠶᠡᠴᠢᠯᠡᠨ ᠣᠶᠢᠯᠠᠭᠠᠬᠤ︾ ᠭᠤᠣᠯ | ᠰᠡᠳᠦᠪᠲᠦ ᠠᠵᠢᠯᠯᠠᠭ᠎ᠠ ᠶᠠᠪᠤᠠᠠᠳᠠᠨ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ︽ᠳᠡᠯᠭᠡᠨ ᠪᠣᠷᠣᠯᠠᠭᠤᠯᠬᠤ + | ᠪᠡᠶᠡᠴᠢᠯᠡᠨ ᠣᠶᠢᠯᠠᠭᠠᠬᠤ︾ ᠬᠤᠤᠰ ᠵᠠᠭᠪᠤᠷ ᠢᠶᠠᠷ ᠳᠠᠮᠵᠢᠭᠤᠯᠤᠨ᠂ ᠪᠥᠬᠦ ᠤᠯᠤᠰ ᠤᠨ ᠡᠯ᠎ᠡ ᠭᠠᠵᠠᠷ ᠠᠴᠠ | ᠢᠷᠡᠭᠰᠡᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠳᠤ ᠣᠷᠣᠯᠴᠠᠭᠰᠠᠳ ᠲᠤ ᠰᠢᠯᠤᠭᠤᠨ ᠬᠥᠬᠡ ᠬᠤᠰᠢᠭᠤᠨ ᠤ | ᠠᠮᠢ ᠠᠬᠤᠶ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠪᠦᠲᠦᠭᠡᠯ ᠪᠣᠯᠤᠨ ᠦᠨᠳᠦᠰᠦᠲᠡᠨ ᠤ ᠰᠣᠶᠣᠯ ᠤᠨ ᠦᠨᠡᠲᠦ | ᠵᠦᠢᠯᠡᠰ ᠢ ᠳᠡᠯᠭᠡᠨ ᠦᠵᠡᠭᠦᠯᠵᠡᠶ᠃ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ ᠲᠤ᠂ ︽ | ᠳᠤᠮᠳᠠᠳᠤ ᠤᠯᠤᠰ ᠤᠨ ᠴᠠᠭᠠᠨ ᠢᠳᠡᠭᠡᠨ ᠤ ᠨᠤᠳᠤᠭ︾ ᠤᠨ ᠡᠯ᠎ᠡ ᠲᠥᠷᠥᠯ ᠤᠨ ᠤᠨᠴᠠᠯᠢᠠᠠᠳᠤᠴᠠᠭᠠᠨ ᠢᠳᠡᠭᠡᠨ | ᠢᠶᠠᠷ ᠭᠤᠤᠯ ᠪᠤᠯᠭᠠᠨ ᠶᠠᠪᠤᠠᠠᠳᠠᠭᠤᠯᠵᠠᠢ᠃ ᠡᠬᠦᠨ ᠠᠴᠠ ᠭᠠᠳᠠᠨᠠᠰᠢᠯᠢ ᠶᠢᠨ ᠭᠤᠤᠯ ᠤᠨ ᠴᠠᠭᠠᠨ ᠢᠳᠡᠬᠡᠨ ᠤ | ᠰᠢᠷᠢᠰ ᠪᠦᠲᠦᠭᠡᠭᠳᠡᠬᠦᠨ ᠤ ᠤᠯᠠᠮᠵᠢᠯᠠᠯᠲᠤ ᠭᠠᠷ ᠤᠷᠠᠯᠠᠯ ᠪᠠ ᠣᠲᠣ ᠦᠶ᠎ᠡ ᠶᠢᠨ ᠪᠠᠷᠢᠮᠵᠢᠶ᠎ᠠ ᠶᠢ ᠬᠠᠷᠢᠯᠴᠠᠨ | ᠤᠶᠠᠯᠳᠤᠭᠤᠯᠤᠭᠰᠠᠨ ᠤᠷᠠᠨ ᠳᠠᠷᠬᠠᠨ ᠤ ᠦᠶᠯᠡᠳᠬᠡᠯ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ | ᠦᠬᠡᠷ ᠬᠤᠨᠢᠨ ᠮᠢᠬᠠᠨ ᠤ ᠪᠦᠲᠦᠭᠡᠭᠳᠡᠬᠦᠨ ᠵᠡᠷᠭᠡ ᠨᠢ ᠮᠠᠰᠢ ᠤᠯᠠᠨ ᠬᠥᠮᠦᠰ ᠤᠨ ᠠᠩᠬᠠᠷᠤᠯ ᠢ ᠲᠠᠲᠠᠵᠤ ᠪᠠᠶᠢᠯ᠎ᠠ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠣᠶᠣᠯ ᠵᠢᠭᠤᠯᠴᠢᠯᠠᠯ ᠤᠨ ᠭᠠᠷᠠᠭ ᠤᠨ ᠠᠵᠢᠯᠯᠠᠭ᠎ᠠ ᠨᠢ 4 | ᠰᠠᠷ᠎ᠠ ᠶᠢᠨ 12 ᠤᠨ ᠡᠳᠦᠷ ᠪᠣᠯᠲᠠᠯ᠎ᠠ ᠶᠠᠪᠤᠠᠠᠳᠠᠵᠦ᠂ ᠡᠨᠡ ᠬᠤᠭᠤᠴᠠᠭᠠᠨ ᠳᠤ ᠡᠷᠡᠭᠦᠯ ᠮᠡᠨᠳᠦ᠂ ᠰᠣᠶᠣᠯ | ᠵᠢᠭᠤᠯᠴᠢᠯᠠᠯ᠂ ᠪᠡᠶ᠎ᠡ ᠲᠠᠮᠢᠷ ᠵᠢᠴᠢ ᠲᠣᠰ ᠭᠠᠵᠠᠷ ᠤᠨ ᠤᠨᠴᠠᠯᠢᠬᠳᠤ ᠦᠶᠯᠡᠳᠬᠦᠨ ᠤ ᠳᠡᠯᠭᠡᠨ ᠪᠣᠷᠣᠯᠠᠭᠤᠯᠭ᠎ᠠ᠂ | ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠂ ᠶᠠᠪᠠᠭᠠᠨ ᠠᠶᠠᠯᠠᠯ᠂ᠤᠳᠬ᠎ᠠ ᠤᠷᠠᠯᠢᠭ ᠤᠨ | ᠲᠤᠰᠬᠠᠶ ᠰᠡᠳᠦᠪᠲᠦ ᠲᠣᠭᠯᠠᠯᠲᠠ ᠵᠡᠷᠭᠡ ᠡᠯᠪᠡᠭ ᠪᠠᠶᠠᠯᠢᠭ ᠠᠭᠤᠯᠭ᠎ᠠ ᠪᠠᠭᠳᠠᠵᠤ᠂ ᠥᠷᠭᠡᠨ ᠣᠯᠠᠨ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ ᠳᠤ ᠣᠷᠣᠯᠴᠠᠭᠰᠠᠳ ᠲᠤ ᠨᠢᠭᠡ ᠴᠤᠭᠴᠠᠵᠢᠭᠤᠯᠤᠭᠰᠠᠨ ᠰᠣᠶᠣᠯ ᠵᠢᠭᠤᠯᠴᠢᠯᠠᠯ | ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠦᠶᠯᠡᠴᠢᠯᠡᠭᠡ ᠬᠠᠩᠭᠠᠬᠤ ᠪᠣᠯᠤᠨ᠎ᠠ᠃ | | |