ᠰᠢᠯᠤᠭᠤᠨ ᠬᠦᠭᠡ ᠬᠤᠰᠢᠭᠤᠨ ᠤ ᠱᠠᠩᠳᠤ ᠪᠠᠯᠭᠠᠰᠤᠨ ᠤ ᠨᠠᠶᠢᠷ ᠤᠨ ᠰᠢᠷᠡᠭᠡ ᠨᠡᠶᠢᠭᠡᠮ ᠲᠣᠭᠤᠷᠢᠭ ᠲᠤ᠂ ︽ | ᠰᠣᠳᠣᠨ ᠴᠠᠬᠠᠷ︾ ᠭᠠᠷ ᠤᠷᠠᠯᠠᠯ ᠤᠨ ᠪᠦᠯᠬᠦᠮ ᠤᠨ ᠨᠠᠰᠤᠳᠠᠶᠢᠴᠤᠳ ᠢᠰᠡᠭᠡᠢ ᠳᠡᠭᠡᠷ᠎ᠡ ᠲᠤᠷᠭᠠᠨ ᠤᠳᠠᠰᠤ ᠪᠠᠷ | ᠰᠢᠷᠢᠵᠦ ᠪᠠᠶᠢᠭ᠎ᠠ ᠨᠢ ᠦᠢᠯᠡ ᠤᠶᠤᠳᠠᠯ ᠤᠨ ᠤᠷᠠᠨ ᠨᠠᠷᠢᠨ ᠶᠢ ᠨᠢ ᠬᠠᠷᠠᠭᠰᠠᠨ ᠪᠦᠬᠦᠨ ᠪᠠᠭ᠋ᠠᠳᠤᠨ᠎ᠠ᠃ ︽ᠰᠤᠳᠤᠨ | ᠴᠠᠬᠠᠷ︾ ᠭᠠᠷ ᠤᠷᠠᠯᠠᠯ ᠤᠨ ᠪᠦᠯᠬᠦᠮ ᠨᠢ ᠡᠬᠢᠯᠡᠭᠡᠳ 28 ᠨᠠᠰᠤᠳᠠᠨ ᠤ ᠬᠠᠮᠳᠤ ᠶᠢᠨ ᠴᠢᠷᠮᠠᠶᠢᠯᠭ᠎ᠠ ᠪᠠᠷ | ᠪᠠᠶᠢᠭᠤᠯᠤᠭᠳᠠᠵᠤ᠂ ᠳᠠᠪᠤᠨ ᠵᠢᠯ ᠳᠠᠷᠠᠭᠠᠬᠢ ᠦᠨᠦᠳᠦᠷ ᠪᠤᠯᠬᠤ ᠳᠤ ᠨᠢᠭᠡᠨᠲᠡ 70 ᠭᠠᠷᠤᠶ ᠬᠡᠰᠢᠬᠦᠨ ᠲᠠᠢ ᠪᠣᠯᠤᠨ | ᠦᠷᠭᠡᠵᠢᠵᠦ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠢᠰᠡᠭᠡᠶ ᠰᠢᠷᠢᠮᠡᠯ ᠤᠨ ᠤᠷ᠎ᠠ ᠮᠡᠷᠭᠡᠵᠢᠯ ᠢ ᠠᠮᠢᠵᠢᠷᠠᠯ | ᠢᠶᠠᠷ ᠪᠢᠯᠬᠠᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠬᠤᠳᠠ ᠤᠷᠤᠭᠰᠠᠨ ᠨᠠᠰᠤᠳᠠᠶᠢᠴᠤᠳ ᠲᠤ ᠤᠷ᠎ᠠ ᠠᠪᠢᠶᠠᠰ | ᠢᠶᠠᠨ ᠪᠠᠳᠠᠷᠠᠭᠤᠯᠬᠤ ᠲᠠᠪᠴᠠᠩ ᠬᠠᠩᠭᠠᠵᠤ ᠦᠭᠭᠦᠭᠰᠡᠨ ᠪᠠᠶᠢᠨ᠎ᠠ᠃ | ᠨᠠᠶᠢᠷ ᠤᠨ ᠰᠢᠷᠡᠭᠡ ᠨᠡᠶᠢᠭᠡᠮ ᠲᠣᠭᠤᠷᠢᠭ ᠤᠨ ᠢᠰᠡᠭᠡᠢ ᠰᠢᠷᠢᠮᠡᠯ ᠤᠨ ᠳᠠᠰᠤᠭ ᠲᠤ ᠳᠡᠯᠭᠡᠨ ᠦᠵᠡᠭᠦᠯᠵᠦ | ᠪᠠᠶᠢᠭ᠎ᠠ ᠵᠠᠭᠤ ᠭᠠᠷᠤᠢ ᠪᠦᠲᠦᠭᠡᠯ ᠤᠳ ᠠᠴᠠ ᠦᠨᠳᠦᠰᠦᠳᠡᠨ ᠤ ᠵᠠᠩ ᠵᠠᠩᠰᠢᠯ᠂ ᠰᠤᠶᠤᠯ ᠳᠡᠦᠭᠡ ᠵᠢᠴᠢ ᠤᠮᠠᠷᠠᠲᠤ | ᠬᠢᠯᠢ ᠶᠢᠨ ᠰᠤᠶᠤᠯ ᠤᠨ ᠤᠯᠠ ᠮᠦᠷ ᠳᠤᠳᠤᠬᠠᠨ ᠬᠠᠷᠠᠭᠳᠠᠨ᠎ᠠ᠃ ᠡᠭᠦᠨ ᠤ ᠳᠤᠳᠤᠷ᠎ᠠ ᠨᠠᠰᠤᠳᠠᠶᠢᠴᠤᠳ ᠰᠠᠷ᠎ᠠ | ᠢᠯᠡᠭᠦᠦ ᠶᠢᠨ ᠴᠠᠭ ᠵᠠᠷᠤᠴᠠᠭᠤᠯᠵᠤ ᠬᠠᠮᠲᠤ ᠳᠠᠭᠠᠨ ᠤᠷᠠᠯᠠᠵᠤ ᠪᠦᠲᠦᠭᠡᠭᠰᠡᠨ 56 ᠦᠨᠳᠦᠰᠦᠲᠡᠨ ᠤ ᠭᠤᠤᠯ | ᠰᠡᠳᠦᠪᠳᠤ ᠪᠦᠲᠦᠭᠡᠯ ᠪᠠᠶᠢᠵᠦ᠂ ᠢᠰᠡᠭᠡᠢ ᠳᠡᠭᠡᠷ᠎ᠡ ᠦᠩᠭᠡ ᠶᠢᠨ ᠤᠳᠠᠰᠤ ᠪᠠᠷ ᠡᠯ᠎ᠡ ᠦᠨᠳᠦᠰᠦᠳᠡᠨ ᠤ ᠬᠤᠪᠴᠠᠰᠤ | ᠵᠠᠰᠠᠯ᠂ ᠵᠡᠭᠦᠯᠳᠡ ᠴᠢᠮᠡᠭᠯᠡᠯ ᠵᠡᠷᠭᠡ ᠶᠢ ᠨᠢᠭᠡ ᠨᠢᠭᠡ ᠵᠡᠭᠦᠦ ᠪᠠᠷ ᠤᠷᠠᠯᠠᠨ ᠰᠢᠷᠢᠵᠦ ᠭᠠᠷᠭᠠᠭᠰᠠᠨ ᠨᠢ ᠤᠨᠴᠠ ᠶᠢᠨ | ᠤᠷᠠᠨ ᠨᠠᠷᠢᠯᠢᠭ ᠬᠠᠷᠠᠭᠳᠠᠨ᠎ᠠ᠃ | ︽ᠣᠮᠪᠣᠯᠣ ᠪᠠᠨ ᠰᠤᠷᠭᠠᠭᠤᠯᠢ ᠳᠠᠭᠠᠨ ᠬᠦᠷᠭᠡᠴᠢᠭᠡᠪᠡᠯ ᠪᠢᠳᠡ ᠠᠳᠡ ᠢᠷᠡᠵᠦ ᠢᠰᠡᠭᠡᠢ ᠰᠢᠷᠢᠮᠡᠯ ᠢᠶᠠᠨ | ᠤᠷᠠᠯᠠᠵᠤ ᠤᠶᠤᠳᠠᠭ︾ ᠭᠡᠵᠦ ᠤᠯᠠᠮᠵᠢᠯᠠᠯᠳᠤ ᠭᠡ ᠤᠭᠠᠯᠵᠠ ᠤᠷᠠᠯᠠᠵᠤ ᠰᠠᠭᠤᠭ᠎ᠠ ᠭᠠᠵᠢᠮᠠ ᠨᠠᠰᠤᠳᠠᠨ ᠶᠠᠷᠢᠨ᠎ᠠ᠃ | ᠳᠡᠭᠦᠨ ᠲᠠᠢ ᠠᠳᠠᠯᠢ ᠤᠮᠪᠤᠯᠤ ᠪᠠᠨ ᠬᠠᠷᠠᠵᠤ ᠰᠠᠭᠤᠭ᠎ᠠ ᠨᠠᠰᠤᠳᠠᠳ ᠬᠠᠭᠠᠰ ᠠᠴᠠ ᠳᠡᠭᠡᠭᠰᠢᠬᠢ ᠳᠤᠭ᠎ᠠ ᠶᠢ ᠡᠵᠡᠯᠡᠵᠦ᠂ | ᠡᠳᠦᠷ ᠤᠨ 6 ᠴᠠᠭ ᠢᠶᠠᠨ ᠠᠳᠡ ᠦᠩᠭᠡᠷᠡᠭᠦᠯᠳᠡᠭ ᠪᠠᠶᠢᠯ᠎ᠠ᠃ ᠭᠠᠵᠢᠮᠠ ᠨᠠᠰᠤᠳᠠᠨ ᠪᠢᠳᠡᠨ ᠳᠤ᠄ ︽ | ᠤᠯᠠᠮᠵᠢᠯᠠᠯᠳᠤ ᠭᠠᠷ ᠤᠷᠠᠯᠠᠯ ᠢᠶᠠᠨ ᠨᠡᠩ ᠰᠠᠶᠢᠬᠠᠨ ᠦᠪᠯᠡᠨ ᠵᠠᠯᠭᠠᠮᠵᠢᠯᠠᠬᠤ ᠪᠠᠷ ᠪᠠᠷᠬᠤ ᠦᠭᠡᠢ ᠪᠢᠳᠡ ᠥᠪᠡᠷ ᠢᠶᠠᠨ | ᠴᠦ ᠵᠤᠬᠢᠬᠤ ᠤᠷᠤᠯᠭ᠎ᠠ ᠲᠠᠢ ᠪᠤᠯᠴᠢᠬᠠᠨ᠎ᠠ︾ ᠭᠡᠵᠦ ᠶᠠᠷᠢᠯ᠎ᠠ᠃ | ᠨᠡᠶᠢᠭᠡᠮ ᠲᠤᠭᠤᠷᠢᠭ ᠨᠢ ᠨᠠᠰᠤᠳᠠᠶᠢᠴᠤᠳ ᠤᠨ ᠤᠶᠤᠵᠤ ᠤᠷᠠᠯᠠᠬᠤ ᠡᠳ᠋ ᠮᠠᠲ᠋ᠧᠷᠢᠶᠠᠯ᠂ ᠲᠤᠰᠬᠠᠢ ᠳᠠᠯᠠᠪᠤᠷ | ᠢ ᠬᠠᠩᠭᠠᠬᠤ ᠠᠴᠠ ᠭᠠᠳᠠᠨ᠎ᠠ ᠪᠣᠷᠣᠯᠠᠭᠤᠯᠭ᠎ᠠ ᠶᠢᠨ ᠠᠷᠭ᠎ᠠ ᠵᠠᠮ ᠢ ᠬᠦᠷᠳᠡᠯ᠎ᠡ ᠰᠦᠪᠡᠭᠴᠢᠯᠡᠨ ᠦᠭᠴᠦ᠂ ᠬᠤᠲᠠ | ᠤᠷᠤᠭᠰᠠᠨ ᠨᠠᠰᠤᠳᠠᠶᠢᠴᠤᠳ ᠤᠨ ᠣᠷᠣᠯᠭ᠎ᠠ ᠶᠢ ᠨᠡᠮᠡᠭᠳᠡᠭᠦᠯᠵᠦ ᠪᠤᠢ᠃ ᠡᠳᠡᠭᠡᠷ ᠵᠢᠯ ᠤᠳ ᠲᠤ᠂ ᠨᠡᠶᠢᠭᠡᠮ | ᠲᠣᠭᠤᠷᠢᠭ ᠠᠴᠠ ︽ᠰᠣᠳᠣᠨ ᠴᠠᠬᠠᠷ︾ ᠭᠠᠷ ᠤᠷᠠᠯᠠᠯ ᠤᠨ ᠪᠦᠯᠬᠦᠮ ᠳᠤ ᠮᠣᠩᠭᠤᠯ ᠦᠨᠳᠦᠰᠦᠲᠡᠨ ᠤ ᠢᠰᠡᠭᠡᠶ | ᠰᠢᠷᠢᠮᠡᠯ ᠤᠨ ᠲᠤᠰᠬᠠᠶ ᠮᠡᠷᠭᠡᠵᠢᠯ ᠤᠨ ᠪᠠᠭᠰᠢ ᠤᠷᠢᠵᠤ ᠵᠢᠯᠤᠭᠤᠳᠤᠯᠭ᠎ᠠ ᠬᠠᠩᠭᠠᠨ᠂ ᠬᠢᠵᠦ ᠭᠠᠷᠭᠠᠭᠰᠠᠨ ᠪᠦᠲᠦᠭᠡᠯ | ᠢ ᠨᠢ ᠪᠥᠬᠦ ᠬᠤᠰᠢᠭᠤᠨ ᠤ ᠲᠣᠮᠣ ᠬᠡᠯᠪᠡᠷᠢ ᠶᠢᠨ ᠰᠣᠶᠣᠯ ᠤᠨ ᠠᠵᠢᠯᠯᠠᠭ᠎ᠠ ᠪᠠᠷ ᠳᠡᠯᠭᠡᠨ ᠦᠵᠡᠭᠦᠯᠵᠦ | ᠪᠤᠷᠤᠯᠠᠭᠤᠯᠬᠤ᠂ ᠳᠤᠮᠳᠠᠳᠤ ᠪᠠᠭ᠎ᠠ ᠰᠤᠷᠭᠠᠭᠤᠯᠢ ᠲᠠᠢ ᠬᠠᠮᠲᠤᠷᠠᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ | ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ᠂ ᠨᠠᠰᠤᠳᠠᠶᠢᠴᠤᠳ ᠤᠨ | ᠬᠥᠳᠡᠯᠮᠦᠷᠢ ᠶᠢᠨ ᠥᠷᠲᠡᠭ ᠢᠶᠠᠨ ᠳᠡᠯᠭᠡᠨ ᠦᠵᠡᠭᠦᠯᠵᠦ᠂ ᠪᠤᠰᠤᠳ ᠲᠤ ᠦᠶᠯᠡᠴᠢᠯᠡᠬᠦ ᠬᠠᠷᠢᠭᠤᠴᠠᠯᠭᠠᠲᠤ ᠰᠡᠳᠬᠢᠯᠭᠡ | ᠪᠠ ᠦᠳᠡᠯᠦᠭᠡ ᠨᠠᠰᠤᠨ ᠤ ᠬᠡᠷᠡᠯ ᠬᠢᠯᠪᠠᠭ᠎ᠠ ᠪᠠᠨ ᠪᠠᠳᠠᠷᠠᠭᠤᠯᠬᠤ ᠲᠦᠷᠦᠭᠳᠡᠯ ᠢ ᠨᠡᠮᠡᠭᠳᠡᠭᠦᠯᠦᠭᠰᠡᠨ ᠪᠠᠶᠢᠨ᠎ᠠ᠃ | ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠵᠠᠬᠢᠶᠠᠯᠠᠭ᠎ᠠ ᠨᠡᠮᠡᠭᠳᠡᠬᠦ ᠶᠢ ᠳᠠᠭᠠᠯᠳᠤᠨ᠂ ᠨᠠᠰᠤᠲᠠᠶᠢᠴᠤᠳ ᠤᠨ | ᠤᠷᠠᠯᠠᠭᠰᠠᠨ ᠪᠦᠲᠦᠭᠡᠯ ᠴᠦ ᠵᠠᠬ᠎ᠠ ᠳᠡᠯᠭᠡᠭᠦᠷ ᠳᠡᠭᠡᠷ᠎ᠡ ᠭᠠᠷᠴᠤ ᠵᠤᠬᠢᠬᠤ ᠤᠷᠤᠯᠭ᠎ᠠ ᠡᠭᠦᠳᠬᠦ ᠠᠷᠭ᠎ᠠ ᠵᠠᠮ ᠪᠤᠯᠵᠠᠢ᠃ | ︽ᠰᠤᠳᠤᠨ ᠴᠠᠬᠠᠷ︾ ᠭᠠᠷ ᠤᠷᠠᠯᠠᠯ ᠤᠨ ᠪᠦᠯᠬᠦᠮ ᠨᠢ ᠰᠦᠯᠵᠢᠶᠡᠨ ᠤᠳᠤᠳ ᠪᠣᠯᠤᠨ ᠡᠯ᠎ᠡ ᠭᠠᠵᠠᠷ ᠤᠨ | ᠬᠤᠳᠠᠯᠳᠤᠭᠠᠴᠢᠳ ᠲᠠᠢ ᠬᠠᠮᠲᠤᠷᠠᠨ ᠠᠵᠢᠯᠯᠠᠬᠤ ᠪᠠᠷ ᠳᠠᠮᠵᠢᠨ᠂ ᠪᠦᠲᠦᠭᠡᠯ ᠪᠣᠷᠣᠯᠠᠭᠤᠯᠬᠤ ᠠᠷᠭ᠎ᠠ ᠵᠠᠮ ᠢ | ᠥᠷᠭᠡᠳᠬᠡᠵᠦ᠂ ᠦᠢᠯᠡᠳᠦᠭᠰᠡᠨ ᠭᠠᠷ ᠤᠷᠠᠯᠠᠯ ᠤᠨ ᠪᠦᠲᠦᠭᠡᠭᠳᠡᠬᠦᠨ ᠢᠶᠠᠨ ᠰᠢᠯᠢ ᠶᠢᠨ ᠬᠤᠳᠠ᠂ ᠪᠤᠭᠤᠲᠤ᠂ | ᠪᠡᠭᠡᠵᠢᠩ ᠵᠡᠷᠭᠡ ᠭᠠᠵᠠᠷ ᠢᠶᠠᠷ ᠪᠤᠷᠤᠯᠠᠭᠤᠯᠵᠠᠢ᠃ | ᠡᠳᠡᠭᠡᠷ ᠨᠠᠰᠤᠳᠠᠶᠢᠴᠤᠳ ᠮᠠᠨᠢ ᠲᠣᠷᠭᠠᠨ ᠤᠲᠠᠰᠤ ᠪᠠᠷ ᠰᠣᠶᠣᠯ ᠤᠨ ᠤᠯᠠᠮᠵᠢᠯᠠᠯ ᠢ ᠬᠤᠯᠪᠣᠵᠤ᠂ ᠰᠤᠳᠤᠨ | ᠪᠦᠲᠦᠭᠡᠯ ᠢᠶᠠᠷ ᠢᠶᠠᠨ ᠰᠠᠶᠢᠨ ᠰᠠᠶᠢᠬᠠᠨ ᠢᠷᠡᠭᠡᠳᠦᠢ ᠶᠢ ᠵᠢᠷᠤᠭᠯᠠᠵᠤ ᠰᠠᠭᠤᠭ᠎ᠠ ᠨᠢ ᠬᠦᠨᠳᠦᠳᠭᠡᠯᠳᠡᠢ︕ | | | | | |