ᠲᠤᠭᠠᠴᠢᠯᠠᠭᠰᠠᠨ ᠮᠡᠷᠭᠡᠵᠢᠯ ᠢ ᠬᠡᠷᠡᠭᠯᠡᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ  ᠳᠤ ᠪᠠᠳᠤᠯᠠᠭ᠎ᠠ ᠬᠠᠩᠭᠠᠵᠤ ᠪᠤᠢ
ᠨᠡᠶᠢᠲᠡᠯᠡᠭᠰᠡᠨ ᠴᠠᠭ᠄
2025/4/14
      ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠤ ᠢᠯᠠᠯᠲᠠ  ᠶᠢ ᠤᠯᠬᠤ ᠶᠢᠨ ᠲᠥᠯᠥᠭᠡ᠂ ᠰᠢᠯᠤᠭᠤᠨ ᠬᠥᠬᠡ ᠬᠤᠰᠢᠭᠤ ︽ᠮᠡᠳᠡᠭᠡ ᠵᠠᠩᠭᠢ ᠶᠢᠨ ᠲᠠᠪᠴᠠᠩ + ᠤᠶᠤᠨᠲᠤ ᠡᠯᠡᠰᠦᠨ ᠵᠠᠬᠪᠤᠷ︾ ᠬᠤᠤᠰ ᠬᠥᠳᠡᠯᠭᠡᠭᠦᠷ ᠤᠨ ᠰᠢᠰᠲ᠋ᠧᠮ ᠢ ᠡᠭᠦᠳᠦᠨ ᠪᠠᠶᠢᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠬᠤᠶ ᠪᠠᠶᠢᠳᠠᠯ ᠤᠨ ᠭᠦᠨᠵᠡᠭᠡᠶ ᠠᠭᠤᠰᠤᠯᠴᠠᠯ ᠢᠶᠠᠷ ᠳᠠᠮᠵᠢᠭᠤᠯᠤᠨ᠂ ᠠᠮᠢ ᠠᠬᠤᠶ  ᠶᠢ ᠬᠢᠨᠠᠨ ᠬᠡᠮᠵᠢᠬᠦ᠂ ᠬᠠᠮᠠᠭᠠᠯᠠᠵᠤ ᠵᠠᠰᠠᠬᠤ ᠰᠢᠶᠳᠪᠦᠷᠢᠲᠦ ᠪᠣᠳᠣᠯᠭ᠎ᠠ ᠲᠤᠭᠳᠠᠭᠠᠬᠤ ᠵᠢᠴᠢ ᠦᠷ᠎ᠡ ᠪᠦᠲᠦᠮᠵᠢ ᠶᠢ ᠨᠢᠭᠡ ᠴᠣᠭᠴᠠᠵᠢᠭᠤᠯᠤᠭᠰᠠᠨ ᠣᠶᠤᠨᠴᠢ ᠲᠦᠭᠦᠭᠡᠷᠦᠮᠵᠢ ᠶᠢ ᠴᠣᠭᠴᠠᠯᠠᠵᠤ᠂ ᠠᠮᠢ ᠠᠬᠤᠶ ᠶᠢᠨ ᠵᠠᠰᠠᠯᠲᠠ ᠶᠢᠨ ᠠᠵᠢᠯ  ᠳᠤ ᠡᠯᠡᠰᠦ ᠶᠢ ᠵᠠᠰᠠᠬᠤ ᠲᠤᠭᠠᠴᠢᠯᠠᠭᠰᠠᠨ ᠵᠠᠭᠪᠤᠷ ᠢ ᠬᠠᠩᠭᠠᠭᠰᠠᠨ ᠪᠠᠶᠢᠨ᠎ᠠ᠃     ᠤᠶᠢᠷ᠎ᠠ ᠶᠢᠨ ᠡᠳᠦᠷ᠂ ᠰᠢᠯᠤᠭᠤᠨ ᠬᠦᠬᠡ ᠬᠤᠰᠢᠭᠤᠨ ᠤ ᠴᠠᠭᠠᠨ ᠢᠳᠡᠭᠡᠨ ᠤ ᠵᠤᠭᠤᠭ ᠤᠨ ᠦᠷᠦᠭᠡᠨ ᠤ ᠦᠵᠡᠭᠦᠯᠭᠡ ᠶᠢᠨ ᠲᠥᠪ ᠲᠤ ᠪᠠᠶᠢᠭ᠎ᠠ ᠡᠯᠡᠰᠦ ᠶᠢ ᠵᠠᠰᠠᠬᠤ ᠵᠠᠬᠪᠤᠷ ᠬᠥᠮᠦᠰ ᠤᠨ ᠠᠩᠬᠠᠷᠤᠯ ᠢ ᠳᠠᠳᠠᠵᠤ ᠪᠠᠶᠢᠯ᠎ᠠ᠃ ᠡᠨᠡᠬᠦ ᠤᠶᠤᠨᠲᠤ ᠡᠯᠡᠰᠦᠨ ᠵᠠᠬᠪᠤᠷ ᠢᠶᠠᠷ ᠬᠤᠯᠠᠨ ᠰᠢᠷᠭ᠎ᠠ ᠲᠠᠭ᠎ᠠ ᠶᠢᠨ ᠡᠯᠡᠰᠦᠷᠭᠡᠭ ᠭᠠᠵᠠᠷ ᠤᠨ ᠪᠠᠶᠢᠴᠠ᠂ ᠭᠠᠵᠠᠷ  ᠤᠨ ᠭᠠᠳᠠᠷᠭᠤ᠂ ᠮᠠᠩᠬ᠎ᠠ ᠲᠤᠯᠤᠭᠠᠳ ᠤᠨ ᠴᠢᠭᠯᠡᠯ᠂ ᠤᠷᠭᠤᠮᠠᠯ ᠤᠨ ᠬᠤᠴᠢᠯᠭ᠎ᠠ ᠶᠢᠨ ᠪᠠᠶᠢᠳᠠᠯ᠂ ᠤᠰᠤᠨ ᠤ ᠰᠢᠰᠲ᠋ᠧᠮ ᠵᠡᠷᠭᠡ ᠭᠠᠵᠠᠷ ᠵᠦᠶ ᠶᠢᠨ ᠴᠢᠬᠤᠯᠠ ᠬᠦᠴᠦᠨ ᠵᠦᠶᠯ ᠢ ᠳᠤᠳᠤ ᠤᠯᠵᠤ ᠬᠠᠷᠠᠬᠤ ᠪᠠᠷ ᠪᠠᠷᠠᠬᠤ ᠦᠭᠡᠢ ᠵᠠᠬᠪᠤᠷ ᠤᠨ ᠳᠡᠭᠡᠳᠦ ᠲᠠᠯ᠎ᠠ ᠶᠢᠨ ᠲᠣᠭᠠᠴᠢᠯᠠᠭᠰᠠᠨ ᠳᠡᠯᠭᠡᠴᠡ ᠠᠴᠠ ᠤᠷᠭᠤᠮᠠᠯ ᠤᠨ ᠪᠦᠷᠬᠦᠴᠡ᠂ ᠬᠥᠷᠥᠰᠥᠨ ᠤ ᠴᠢᠭᠢᠭ ᠤᠨ ᠪᠠᠶᠢᠳᠠᠯ᠂ ᠰᠠᠯᠬᠢᠨ ᠤ ᠬᠤᠷᠳᠤᠴᠠ ᠴᠢᠭᠯᠡᠯ ᠵᠡᠷᠭᠡ 7 ᠲᠥᠷᠥᠯ ᠤᠨ ᠭᠤᠤᠯ ᠪᠤᠯᠬᠤ ᠠᠮᠢ ᠠᠬᠤᠶ ᠶᠢᠨ ᠪᠣᠯᠵᠣᠯᠲᠤ ᠲᠤᠭ᠎ᠠ ᠶᠢ ᠴᠠᠭ ᠲᠤᠬᠠᠶ ᠳᠤᠨᠢ ᠮᠡᠳᠡᠵᠦ ᠪᠣᠯᠭᠠᠨ᠎ᠠ᠃ ᠡᠨᠡᠬᠦ ᠬᠤᠤᠰ ᠬᠥᠳᠡᠯᠭᠡᠭᠦᠷ ᠤᠨ ᠰᠢᠰᠲ᠋ᠧᠮ ᠨᠢ ᠪᠥᠬᠦ ᠬᠤᠰᠢᠭᠤᠨ ᠤ 1278.31 ᠲᠦᠮᠡᠨ ᠮᠥ ᠡᠯᠡᠰᠦᠷᠬᠡᠭ ᠭᠠᠵᠠᠷ ᠤᠨ ᠵᠠᠰᠠᠯᠲᠠ ᠶᠢᠨ ᠣᠳᠣᠬᠢ ᠪᠠᠶᠢᠳᠠᠯ ᠢ ᠬᠠᠷᠠᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠨᠡᠩ ᠢᠯᠡ ᠳᠤᠳᠤ ᠪᠤᠯᠭᠠᠭᠰᠠᠨ ᠪᠠᠶᠢᠨ᠎ᠠ᠃      ᠶᠡᠷᠦᠩᠬᠡᠶᠢᠯᠡᠨ ᠵᠠᠰᠠᠬᠤ ᠮᠡᠳᠡᠭᠡ ᠵᠠᠩᠭᠢ ᠶᠢᠨ ᠲᠠᠪᠴᠠᠩ ᠨᠢ 4 ᠶᠡᠭᠡ ᠬᠡᠰᠡᠭ ᠤᠨ 18 ᠵᠦᠶᠯ ᠤᠨ ᠴᠢᠳᠠᠮᠵᠢ  ᠶᠢ ᠪᠦᠷᠢᠯᠳᠦᠭᠦᠯᠵᠦ᠂ ᠪᠥᠬᠦ ᠬᠤᠰᠢᠭᠤᠨ ᠤ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ︾ ᠪᠥᠬᠦ ᠡᠯᠧᠮᠧᠨ᠋ᠲ ᠤᠨ ᠠᠮᠢ ᠠᠬᠤᠶ ᠶᠢᠨ ᠲᠤᠭ᠎ᠠ ᠪᠠᠷᠢᠮᠳᠠ ᠶᠢ ᠠᠬᠤᠭᠤᠯᠤᠨ᠂ ᠪᠥᠬᠦ ᠲᠠᠯ᠎ᠠ ᠪᠠᠷ᠂ ᠪᠦᠬᠦᠯᠢ ᠡᠳᠦᠷ ᠤᠨ ᠲᠤᠷᠰᠢᠳᠠ ᠬᠢᠨᠠᠨ ᠬᠡᠮᠵᠢᠯᠲᠡ ᠬᠢᠵᠦ ᠪᠣᠯᠤᠨ᠎ᠠ᠃ ︽ᠡᠬᠢ ᠪᠠᠶᠠᠯᠢᠭ ᠤᠨ ᠲᠠᠷᠬᠠᠯᠳᠠ ᠶᠢᠨ ᠵᠢᠷᠤᠭ︾ ᠢᠶᠠᠷ ᠳᠠᠮᠵᠢᠭᠤᠯᠤᠨ᠂ ᠲᠣᠭᠲᠠᠮᠠᠯ ᠡᠯᠡᠰᠦᠷᠬᠡᠭ ᠭᠠᠵᠠᠷ᠂ ᠲᠣᠭᠲᠠᠮᠠᠯ ᠪᠤᠰᠤ ᠡᠯᠡᠰᠦᠷᠬᠡᠭ ᠭᠠᠵᠠᠷ᠂ ᠨᠡᠭᠦᠳᠡᠯ ᠡᠯᠡᠰᠦᠷᠬᠡᠭ ᠭᠠᠵᠠᠷ ᠤᠨ ᠲᠠᠷᠬᠠᠯᠲᠠ ᠵᠢᠴᠢ ᠡᠯ᠎ᠡ ᠲᠥᠷᠥᠯ ᠤᠨ ᠠᠮᠢ ᠠᠬᠤᠶ ᠶᠢᠨ ᠬᠠᠮᠠᠭᠠᠯᠠᠯᠲᠠ  ᠶᠢᠨ ᠬᠡᠪᠴᠢᠶ᠎ᠡ ᠶᠢ ᠲᠣᠳᠣᠷᠬᠠᠶ ᠵᠠᠭᠠᠭᠯᠠᠨ ᠲᠣᠭᠲᠠᠭᠠᠵᠤ ᠴᠢᠳᠠᠬᠤ ᠪᠤᠯᠤᠭᠰᠠᠨ ᠪᠠᠶᠢᠨ᠎ᠠ᠃ ᠡᠨᠡᠬᠦ ᠰᠢᠰᠲ᠋ᠧᠮ ᠨᠢ ᠳᠤᠷ᠎ᠠ ᠶᠢᠨ ᠨᠢᠭᠡ ᠣᠷᠣᠨ ᠪᠦᠰᠡ ᠶᠢᠨ ᠣᠶᠢᠷ᠎ᠠ ᠶᠢᠨ ᠠᠷᠪᠠᠨ ᠵᠢᠯ ᠤᠨ ᠬᠤᠭᠤᠴᠠᠭᠠᠨ ᠳᠠᠬᠢ ᠵᠠᠰᠠᠯᠲᠠ ᠶᠢᠨ ᠶᠠᠪᠤᠴᠠ ᠶᠢ ᠮᠥᠷᠳᠡᠵᠦ᠂ ᠢᠷᠡᠭᠡᠳᠦᠶ ᠶᠢᠨ ᠲᠠᠪᠤᠨ ᠵᠢᠯ ᠤᠨ ᠤᠷᠭᠤᠮᠠᠯ ᠤᠨ ᠬᠤᠴᠢᠯᠭ᠎ᠠ ᠶᠢᠨ ᠰᠡᠷᠭᠦᠯᠲᠡ ᠶᠢᠨ ᠬᠠᠨᠳᠤᠰᠢ ᠶᠢ ᠲᠥᠰᠦᠭᠡᠯᠡᠵᠦ ᠪᠣᠯᠤᠨ᠎ᠠ᠃ ᠠᠵᠢᠯᠲᠠᠳ ᠯᠠᠶᠢᠰᠧᠷ ᠪᠢᠷ ᠢᠶᠠᠷ ᠡᠯᠡᠰᠦᠨ ᠵᠠᠬᠪᠤᠷ ᠤᠨ ᠲᠥᠷᠥᠯ ᠵᠦᠶᠯ  ᠤᠨ ᠢᠯᠡᠳᠬᠡᠮᠵᠢ ᠶᠢ ᠬᠦᠩᠭᠡᠨ ᠲᠤᠪᠴᠢᠳᠠᠬᠤ ᠳᠤ ᠲᠠᠪᠴᠠᠩ ᠳᠡᠭᠡᠷ᠎ᠡ ᠲᠣᠰ ᠣᠷᠣᠨ ᠪᠦᠰᠡ ᠶᠢᠨ ᠣᠶᠢᠷ᠎ᠠ ᠶᠢᠨ ᠠᠷᠪᠠᠨ ᠵᠢᠯ ᠤᠨ ᠠᠮᠢ ᠠᠬᠤᠶ ᠶᠢᠨ ᠬᠤᠪᠢᠷᠠᠯᠲᠠ᠂ ᠣᠳᠣᠬᠠᠨ ᠤ ᠵᠠᠰᠠᠯᠲᠠ ᠶᠢᠨ ᠠᠬᠢᠴᠠ ᠶᠢᠨ ᠪᠠᠶᠢᠳᠠᠯ ᠵᠢᠴᠢ ᠨᠠᠷᠢᠨ ᠲᠣᠳᠣᠷᠬᠠᠶ ᠲᠤᠭ᠎ᠠ ᠪᠠᠷᠢᠮᠲᠠ ᠳᠠᠷᠤᠶ ᠢᠯᠡᠷᠡᠵᠦ᠂ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠶ ᠬᠡᠷᠡᠭᠵᠢᠭᠦᠯᠬᠦ ᠳᠤ ᠲᠦᠭᠦᠮ ᠪᠤᠯᠭᠠᠭᠰᠠᠨ ᠪᠠᠶᠢᠨ᠎ᠠ᠃      ᠰᠢᠯᠤᠭᠤᠨ ᠬᠥᠬᠡ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠠᠵᠢᠯᠲᠠᠨ ᠯᠢ ᠺᠠᠶ ᠪᠥᠸᠧ ᠬᠡᠯᠡᠬᠦ ᠳᠡᠭᠡᠨ᠄ ︽ᠡᠨᠡ ᠬᠦ ᠰᠢᠰᠲ᠋ᠧᠮ ᠨᠢ ᠶᠠᠭ ᠡᠯᠡᠰᠦᠨ ᠭᠠᠵᠠᠷ ᠤᠨ ᠤᠶᠤᠨᠲᠤ ᠬᠠᠮᠢᠶᠠᠷᠤᠭᠴᠢ ᠲᠠᠢ ᠠᠳᠠᠯᠢ᠃ ᠡᠨᠡᠬᠦ ᠡᠯᠡᠰᠦᠨ ᠵᠠᠬᠪᠤᠷ ᠠᠴᠠ ᠲᠥᠷᠥᠯ ᠵᠦᠶᠯ ᠤᠨ ᠲᠣᠭᠤᠷᠢᠭ ᠨᠢᠭᠡᠪᠦᠷᠢ ᠶᠢᠨ ᠪᠣᠳᠠᠲᠠᠶ ᠪᠠᠶᠢᠷᠢ ᠶᠢ ᠣᠯᠵᠤ ᠬᠠᠷᠠᠵᠤ ᠳᠡᠶᠢᠯᠦᠨ᠎ᠡ᠃ ᠪᠢᠳᠡ ᠯᠠᠶᠢᠰᠧᠷ ᠪᠢᠷ ᠢᠶᠠᠷ ᠠᠯᠢ ᠨᠢᠭᠡ ᠲᠥᠷᠥᠯ ᠵᠦᠢᠯ ᠢ ᠲᠤᠪᠴᠢᠳᠠᠪᠠᠯ᠂ ᠲᠠᠪᠴᠠᠩ ᠳᠡᠭᠡᠷ᠎ᠡ ᠲᠣᠰ ᠲᠥᠷᠥᠯ ᠵᠦᠶᠯ ᠤᠨ ᠲᠣᠭᠤᠷᠢᠭ ᠤᠨ ᠪᠣᠳᠠᠲᠠᠶ ᠮᠡᠳᠡᠭᠡ ᠵᠠᠩᠭᠢ᠂ ᠵᠠᠰᠠᠯᠲᠠ ᠶᠢᠨ ᠪᠠᠶᠢᠳᠠᠯ ᠪᠥᠬᠦ ᠲᠠᠯ᠎ᠠ ᠪᠠᠷ ᠢᠯᠡᠷᠡᠨ᠎ᠡ᠃ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠡᠲᠡᠭᠡᠷ ᠲᠤᠭ᠎ᠠ ᠪᠠᠷᠢᠮᠳᠠ  ᠪᠠᠷ ᠳᠠᠮᠵᠢᠭᠤᠯᠤᠨ᠂ ᠠᠳᠠᠯᠢ ᠪᠤᠰᠤ ᠵᠠᠰᠠᠯᠲᠠ ᠶᠢᠨ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢᠨ ᠵᠥᠷᠢᠶ᠎ᠡ ᠶᠢ ᠵᠠᠳᠠᠯᠵᠤ᠂ ᠵᠠᠰᠠᠯᠲᠠ ᠶᠢᠨ ᠲᠥᠰᠦᠯ ᠢ ᠰᠢᠯᠢᠳᠡᠭᠵᠢᠭᠦᠯᠬᠦ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠠᠢ︾ ᠭᠡᠯ᠎ᠡ᠃      ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠭᠤᠤᠯ ᠭᠠᠵᠠᠷ ᠪᠣᠯᠤᠭᠰᠠᠨ ᠤ ᠬᠤᠪᠢ ᠳᠤ᠂ ᠰᠢᠯᠤᠭᠤᠨ ᠬᠥᠬᠡ ᠬᠤᠰᠢᠭᠤᠨ ᠤ ᠡᠯᠡᠰᠦᠷᠬᠡᠭᠵᠢᠯ ᠢ ᠵᠠᠰᠠᠬᠤ ᠦᠶᠯᠡᠳᠦᠯᠭᠡ ᠨᠢ ᠬᠡᠪ ᠳᠠᠭᠤᠷᠢᠶᠠᠯ ᠤᠨ ᠠᠴᠢ ᠬᠤᠯᠪᠣᠭᠳᠠᠯ ᠲᠠᠢ ᠶᠤᠮ᠃ ᠬᠤᠤᠰ ᠬᠥᠳᠡᠯᠭᠡᠭᠦᠷ ᠤᠨ ᠰᠢᠰᠲ᠋ᠧᠮ ᠢ ᠠᠵᠢᠯᠯᠠᠭᠤᠯᠤᠭᠰᠠᠨ ᠠᠴᠠ ᠨᠠᠭᠠᠰᠢ᠂ ᠬᠥᠳᠡᠯᠦᠩᠭᠦᠶ ᠦᠨᠡᠯᠡᠨ ᠵᠢᠱᠢᠬᠦ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ ᠵᠠᠰᠠᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠲᠤᠭ᠎ᠠ ᠬᠡᠮᠵᠢᠶ᠎ᠡ ᠶᠢ ᠲᠣᠭᠲᠠᠭᠠᠬᠤ ᠵᠠᠳᠠᠯᠤᠯᠲᠠ ᠳᠠᠰᠢ ᠬᠤᠪᠢᠷᠠᠭᠤᠯᠵᠤ᠂ ᠠᠮᠢ ᠠᠬᠤᠶ ᠶᠢᠨ ᠬᠠᠮᠢᠶᠠᠷᠤᠯᠲᠠ ᠳᠤ ᠤᠶᠤᠨᠴᠢ ᠲᠤᠭ᠎ᠠ ᠪᠠᠷᠢᠮᠲᠠ ᠬᠠᠩᠭᠠᠵᠠᠢ᠃ ᠲᠣᠰ ᠰᠢᠰᠲ᠋ᠧᠮ ᠨᠢ ᠪᠥᠬᠦ ᠬᠤᠰᠢᠭᠤᠨ ᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠰᠢᠯᠢ ᠶᠢᠨ ᠭᠤᠤᠯ ᠠᠶᠢᠮᠠᠭ ᠤᠨ ᠠᠩᠬᠠᠳᠠᠭᠴᠢ ᠠᠮᠢ ᠠᠬᠤᠶ ᠶᠢᠨ ᠡᠬᠢ ᠪᠠᠶᠠᠯᠢᠭ ᠤᠨ ᠲᠣᠭᠠᠴᠢᠯᠠᠭᠰᠠᠨ ᠬᠠᠮᠢᠶᠠᠷᠤᠯᠲᠠ ᠶᠢᠨ ᠰᠢᠨ᠎ᠡ ᠶᠢ ᠡᠭᠦᠳᠦᠭᠰᠡᠨ ᠨᠡᠶᠢᠲᠡᠯᠢᠭ ᠵᠢᠱᠢᠶ᠎ᠡ ᠪᠤᠯᠤᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号