ᠤᠯᠠᠮᠵᠢᠯᠠᠯᠳᠤ ᠤᠷᠠᠯᠢᠭ ᠢ ᠲᠦᠭᠡᠮᠡᠯᠵᠢᠬᠦᠯᠵᠦ᠂ ᠤᠷᠠᠨ ᠵᠢᠷᠤᠭ ᠤᠨ ᠵᠢᠭᠠᠨ ᠰᠤᠷᠭᠠᠯᠳᠠ ᠶᠢᠨ ᠠᠭᠤᠯᠭ᠎ᠠ | ᠪᠠᠨ ᠪᠠᠶᠠᠯᠢᠭᠵᠢᠭᠤᠯᠬᠤ ᠶᠢᠨ ᠲᠤᠯᠠᠳᠠ ᠰᠢᠯᠤᠭᠤᠨ ᠬᠦᠭᠡ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ | ᠤᠷᠠᠨ ᠵᠢᠷᠤᠭ ᠤᠨ ᠪᠠᠭᠰᠢ ᠪᠦᠷᠬᠦᠳ ᠰᠤᠳᠤᠯᠭᠠᠨ ᠤ ᠲᠤᠭᠤᠶᠢᠯᠠᠩ ᠤᠨ ᠬᠡᠰᠢᠬᠦᠳ ᠲᠠᠢ ᠪᠠᠨ ᠬᠠᠮᠳᠤᠷᠠᠨ ᠤᠷᠠᠨ | ᠵᠢᠷᠤᠭ ᠤᠨ ᠰᠤᠳᠤᠯᠭᠠᠨ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠤᠶᠢᠷ᠎ᠠ ᠶᠢᠨ ᠡᠳᠦᠷ ᠰᠤᠳᠤᠯᠭᠠᠨ ᠳᠡᠭᠦᠰᠬᠦ | ᠬᠠᠷᠢᠭᠤ ᠮᠡᠳᠡᠬᠦᠯᠦᠯᠳᠡ ᠶᠢᠨ ᠵᠢᠷᠤᠭ ᠤᠨ ᠦᠵᠡᠭᠦᠯᠭᠡ ᠡᠷᠬᠢᠯᠡᠯ᠎ᠡ᠃ | ᠪᠦᠷᠬᠦᠳ ᠪᠠᠭᠰᠢ ᠵᠢᠴᠢ ᠳᠡᠭᠦᠨ ᠤ ᠰᠤᠳᠤᠯᠭᠠᠨ ᠤ ᠲᠤᠭᠤᠶᠢᠯᠠᠩ ᠤᠨ ᠬᠡᠰᠢᠬᠦᠳ ᠡᠨᠡᠬᠦ ᠰᠤᠳᠤᠯᠭᠠᠨ ᠤ | ᠰᠡᠳᠦᠪ ᠢᠶᠠᠨ 2023 ᠤᠨ ᠳᠤ ᠡᠬᠢᠯᠡᠭᠦᠯᠵᠦ᠂ ᠬᠤᠶᠠᠷ ᠵᠢᠯ ᠤᠨ ᠲᠤᠷᠰᠢ ᠰᠤᠷᠤᠭᠴᠢᠳ ᠤᠨ ᠨᠠᠷᠢᠨ ᠬᠢᠨᠠᠮᠠᠭᠠᠢ᠂ | ᠳᠡᠰᠪᠦᠷᠢ ᠬᠠᠳᠠᠭᠤᠵᠢᠯᠳᠠᠢ ᠰᠤᠷᠤᠯᠴᠠᠬᠤ᠂ ᠠᠩᠬᠠᠷᠤᠯ ᠢᠶᠠᠨ ᠲᠦᠪᠯᠡᠷᠡᠭᠦᠯᠬᠦ ᠴᠢᠳᠠᠪᠤᠷᠢ ᠶᠢ ᠳᠠᠪᠳᠠᠨ | ᠪᠤᠯᠪᠠᠰᠤᠷᠠᠭᠤᠯᠵᠤ᠂ ᠳᠡᠳᠡᠨ ᠢ ᠵᠢᠯᠤᠭᠤᠳᠤᠨ ᠭᠠᠷ ᠬᠦᠳᠡᠯᠵᠦ ᠦᠢᠯᠡᠳᠦᠯᠭᠡ ᠳᠤ ᠤᠷᠤᠯᠴᠠᠭᠤᠯᠬᠤ ᠪᠠᠷ | ᠭᠤᠤᠯᠳᠠᠭᠤᠯᠤᠨ᠂ ᠴᠠᠭᠠᠰᠤᠨ ᠬᠠᠶᠢᠴᠢᠯᠠᠮᠠᠯ᠂ ᠪᠠᠷ ᠵᠢᠷᠤᠭ ᠢ ᠰᠢᠰᠲ᠋ᠧᠮ ᠲᠠᠢ ᠤᠯᠠᠮᠵᠢᠯᠠᠨ ᠵᠢᠭᠠᠭᠰᠠᠨ ᠢᠶᠠᠷ ᠪᠠᠷᠠᠬᠤ | ᠦᠭᠡᠢ ᠰᠤᠷᠭᠠᠭᠤᠯᠢ ᠶᠢᠨ ᠬᠢᠴᠢᠶᠠᠯ ᠤᠨ ᠭᠠᠳᠠᠨᠠᠬᠢ ᠨᠡᠶᠢᠭᠡᠮ ᠤᠨ ᠦᠢᠯᠡᠴᠢᠯᠡᠭᠡᠨ ᠤ ᠠᠩᠬᠢ ᠳᠠᠭᠠᠨ ᠦᠷᠭᠡᠳᠭᠡᠨ | ᠭᠡᠷᠡᠭᠵᠢᠬᠦᠯᠦᠭᠰᠡᠨ ᠪᠠᠶᠢᠨ᠎ᠠ᠃ | 【ᠰᠢᠯᠤᠭᠤᠨ ᠬᠦᠭᠡ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠪᠠᠭᠰᠢ | ᠪᠦᠷᠬᠦᠳ᠄ ᠪᠠᠭ᠎ᠠ ᠰᠤᠷᠭᠠᠭᠤᠯᠢ ᠶᠢᠨ ᠤᠷᠠᠨ ᠵᠢᠷᠤᠭ ᠤᠨ ᠰᠤᠷᠤᠯᠴᠠᠬᠤ ᠱᠠᠳᠤᠨ ᠳᠤ ᠤᠯᠠᠮᠵᠢᠯᠠᠯᠳᠤ ᠵᠢᠷᠤᠭ ᠪᠤᠯ | ᠭᠤᠤᠯ ᠪᠠᠶᠢᠷᠢ ᠶᠢ ᠡᠵᠡᠯᠡᠳᠡᠭ᠃ ᠡᠶᠢᠮᠦ ᠠᠴᠠ ᠡᠨᠡ ᠤᠳᠠᠭᠠᠨ ᠤ ᠰᠤᠳᠤᠯᠭᠠᠨ ᠢ ᠲᠤᠰᠬᠠᠶᠢᠯᠠᠨ ᠤᠯᠠᠮᠵᠢᠯᠠᠯᠳᠤ | ᠵᠢᠷᠤᠭ ᠤᠨ ᠴᠠᠭᠠᠰᠤᠨ ᠬᠠᠶᠢᠴᠢᠯᠠᠮᠠᠯ ᠪᠤᠯᠤᠨ ᠪᠠᠷ ᠵᠢᠷᠤᠭ ᠢᠶᠠᠷ ᠭᠤᠤᠯᠯᠠᠵᠤ ᠶᠠᠪᠤᠭᠳᠠᠭᠤᠯᠤᠭᠠᠳ ᠦᠨᠦᠳᠦᠷ | ᠪᠦᠲᠦᠭᠡᠯ ᠢᠶᠠᠨ ᠳᠡᠯᠭᠡᠨ ᠦᠵᠡᠭᠦᠯᠦᠭᠰᠡᠨ ᠪᠠᠶᠢᠨ᠎ᠠ᠃ ᠬᠡᠦᠬᠡᠳ ᠤᠳ ᠶᠡᠭᠡ ᠳᠡᠭᠡᠭᠰᠢᠯᠡᠯᠳᠡ ᠲᠠᠢ᠂ ᠥᠪᠡᠷᠳᠡᠭᠡᠨ | ᠭᠠᠷ ᠬᠦᠳᠡᠯᠦᠨ ᠬᠢᠵᠦ᠂ ᠦᠢᠯᠡᠳᠦᠯᠭᠡ ᠳᠤ ᠢᠯᠡᠭᠦᠦ ᠤᠷᠤᠯᠴᠠᠵᠤ ᠠᠵᠢᠭᠯᠠᠬᠤ ᠵᠡᠷᠭᠡ ᠲᠠᠯ᠎ᠠ ᠪᠠᠷ ᠳᠡᠭᠡᠭᠰᠢᠯᠡᠯᠳᠡ | ᠲᠠᠢ ᠪᠤᠯᠤᠭᠰᠠᠨ ᠪᠠᠶᠢᠨ᠎ᠠ᠃】 | ᠰᠤᠳᠤᠯᠭᠠᠨ ᠤ ᠰᠡᠳᠦᠪ ᠲᠤ 242 ᠰᠤᠷᠤᠭᠴᠢ ᠤᠷᠤᠯᠴᠠᠵᠤ᠂ ᠪᠠᠭᠰᠢ ᠰᠤᠷᠤᠭᠴᠢᠳ ᠤᠨ ᠬᠤᠶᠠᠷ ᠵᠢᠯ | ᠤᠨ ᠴᠢᠷᠮᠠᠶᠢᠯᠭ᠎ᠠ ᠪᠠᠷ ᠳᠠᠮᠵᠢᠨ ᠨᠡᠶᠢᠳᠡ 1000 ᠰᠢᠬᠠᠮ ᠰᠤᠳᠤᠨ ᠪᠦᠲᠦᠭᠡᠯ ᠤᠯᠠᠨ ᠤ ᠬᠠᠷᠠᠭᠠᠨ ᠳᠤ | ᠳᠡᠯᠭᠡᠭᠳᠡᠯ᠎ᠡ᠃ ᠡᠭᠦᠨ ᠳᠤ 500 ᠭᠠᠷᠤᠢ ᠬᠤᠪᠢ ᠴᠠᠭᠠᠰᠤᠨ ᠬᠠᠶᠢᠴᠢᠯᠠᠮᠠᠯ ᠤᠨ ᠪᠦᠲᠦᠭᠡᠯ᠂ 400 ᠭᠠᠷᠤᠢ | ᠬᠤᠪᠢ ᠪᠠᠷ ᠵᠢᠷᠤᠭ ᠤᠨ ᠪᠦᠲᠦᠭᠡᠯ ᠪᠠᠭᠳᠠᠵᠤ᠂ ᠦᠵᠡᠭᠦᠯᠦᠭᠡ ᠶᠢ ᠰᠤᠨᠢᠷᠬᠠᠭᠰᠠᠨ ᠪᠠᠭᠰᠢ ᠰᠤᠷᠤᠭᠴᠢ᠂ ᠭᠡᠷ ᠤᠨ | ᠠᠬᠠᠮᠠᠳ 1000 ᠭᠠᠷᠤᠢ ᠬᠦᠮᠦᠨ ︵ᠤᠳᠠᠭ᠎ᠠ︶ ᠳᠤ ᠬᠦᠷᠴᠡᠢ᠃ | 【ᠭᠡᠷ ᠤᠨ ᠠᠬᠠᠮᠠᠳ ᠤᠳᠤᠨᠬᠡᠷᠡᠯ᠄ ᠦᠨᠦᠳᠦᠷ ᠪᠦᠷᠬᠦᠳ ᠪᠠᠭᠰᠢ ᠶᠢᠨ ᠡᠷᠬᠢᠯᠡᠨ ᠶᠠᠪᠤᠭᠳᠠᠭᠤᠯᠤᠭᠰᠠᠨ | ᠰᠤᠳᠤᠯᠭᠠᠨ ᠤ ᠰᠡᠳᠦᠪ ᠤᠨ ᠦᠷ᠎ᠡ ᠪᠦᠲᠦᠭᠡᠯ ᠤᠨ ᠳᠡᠯᠭᠡᠨ ᠦᠵᠡᠭᠦᠯᠭᠡ ᠶᠢ ᠰᠤᠨᠢᠷᠬᠠᠯ᠎ᠠ᠃ ᠬᠤᠶᠠᠷ ᠵᠢᠯ ᠤᠨ | ᠲᠤᠷᠰᠢ ᠬᠡᠦᠬᠡᠳ ᠤᠳ ᠮᠢᠨᠢ ᠪᠠᠭᠰᠢ ᠪᠠᠨ ᠳᠠᠭᠠᠵᠤ᠂ ᠪᠠᠭᠰᠢ ᠶᠢᠨ ᠢᠶᠠᠨ ᠵᠢᠭᠠᠨ ᠵᠢᠯᠤᠭᠤᠳᠤᠯᠭ᠎ᠠ ᠶᠢᠨ ᠳᠤᠤᠷ᠎ᠠ | ᠡᠳᠦᠷ ᠠᠴᠠ ᠡᠳᠦᠷ ᠳᠡᠪᠰᠢᠨ ᠳᠡᠭᠡᠭᠰᠢᠯᠡᠵᠦ ᠪᠠᠶᠢᠭ᠎ᠠ ᠶᠢ ᠤᠯᠵᠤ ᠬᠠᠷᠠᠯ᠎ᠠ᠃】 | ᠵᠢᠷᠤᠭ ᠤᠨ ᠦᠵᠡᠭᠦᠯᠭᠡ ᠡᠬᠢᠯᠡᠬᠦ ᠠᠴᠠ ᠡᠮᠦᠨ᠎ᠡ ᠠᠶᠢᠮᠠᠭ ᠤᠨ ᠬᠢᠴᠢᠶᠡᠯ ᠬᠦᠮᠦᠵᠢᠯ ᠤᠨ ᠦᠢᠯᠡᠴᠢᠯᠡᠭᠡᠨ ᠤ | ᠲᠦᠪ ᠴᠡ ᠰᠤᠳᠤᠯᠭᠠᠨ ᠤᠨ ᠠᠵᠢᠯ ᠢ ᠬᠢᠨᠠᠨ ᠵᠢᠯᠤᠭᠤᠳᠴᠤ ᠵᠦᠪᠯᠡᠯᠭᠡ ᠦᠭᠭᠦᠭᠰᠡᠨ ᠪᠠ ᠠᠵᠢᠯᠯᠠᠭᠠᠨ ᠤ ᠲᠤᠬᠠᠢ | ᠶᠢᠨ ᠡᠳᠦᠷ ᠬᠤᠰᠢᠭᠤ ᠬᠢᠴᠢᠶᠡᠯ ᠬᠦᠮᠦᠵᠢᠯ ᠤᠨ ᠦᠢᠯᠡᠴᠢᠯᠡᠭᠡᠨ ᠤ ᠲᠦᠪ ᠪᠤᠯᠤᠨ ᠡᠯ᠎ᠡ ᠳᠤᠮᠳᠠᠳᠤ ᠪᠠᠭ᠎ᠠ | ᠰᠤᠷᠭᠠᠭᠤᠯᠢ ᠶᠢᠨ ᠬᠠᠮᠢᠶ᠎ᠠ ᠲᠠᠢ ᠬᠦᠮᠦᠰ ᠰᠤᠳᠤᠯᠭᠠᠨ ᠢ ᠦᠨᠡᠯᠡᠨ ᠳ᠋ᠦᠩᠨᠡᠭᠰᠡᠨ ᠪᠠᠶᠢᠨ᠎ᠠ᠃ | | | | | |