4 ᠰᠠᠷ᠎ᠠ ᠶᠢᠨ 3 ᠤ ᠡᠳᠦᠷ᠂ ᠰᠢᠯᠤᠭᠤᠨ ᠬᠥᠬᠡ ᠬᠤᠰᠢᠭᠤ ᠠᠶᠤᠯᠭᠦᠶ ᠦᠶᠯᠡᠳᠪᠦᠷᠢᠯᠡᠯ ᠤᠨ ᠲᠤᠰᠬᠠᠶ | ᠰᠡᠳᠦᠪᠲᠦ ᠬᠤᠷᠠᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ | ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠬᠥᠭᠵᠢᠯᠲᠦ ᠬᠤᠷᠠᠯ ᠢ ᠡᠷᠬᠢᠯᠡᠵᠡᠢ᠃ | ᠬᠤᠷᠠᠯ ᠠᠴᠠ ᠠᠶᠢᠮᠠᠭ ᠤᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ︽ᠰᠤᠷᠭᠠᠭᠤᠯᠢ | ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠤᠯᠠᠮᠵᠢᠯᠠᠬᠤ ᠲᠤᠬᠠᠶ ᠮᠡᠳᠡᠭᠳᠡᠯ︾ ᠵᠢᠴᠢ ᠠᠶᠢᠮᠠᠭ ᠤᠨ ᠣᠶ | ᠰᠢᠭᠤᠶ ᠶᠢᠨ ᠰᠡᠷᠭᠡᠶᠢᠯᠡᠯᠲᠡ ᠶᠢᠨ ᠵᠢᠯᠣᠭᠤᠳᠬᠤ ᠠᠯᠪᠠᠨ ᠬᠡᠷ ᠤᠨ ︽ᠬᠠᠩᠰᠢ ᠶᠢᠨ ᠬᠤᠭᠤᠴᠠᠭᠠᠨ ᠳᠠᠬᠢ ᠣᠶ | ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ︾ ᠢ | ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ | ᠤᠨ ᠭᠠᠯ ᠢ ᠰᠡᠷᠭᠡᠶᠢᠯᠡᠬᠦ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠠᠵᠢᠯ ᠢ ᠴᠢᠬᠤᠯᠠᠴᠢᠯᠠᠵᠤ ᠦᠵᠡᠵᠦ᠂ ᠥᠴᠦᠬᠡᠨ ᠴᠦ ᠴᠠᠯᠠᠭᠠᠶᠢᠷᠠᠵᠤ ᠪᠣᠯᠬᠤ ᠦᠭᠡᠢ᠃ ᠡᠯ᠎ᠡ ᠨᠢᠭᠡᠴᠢ | ᠶᠢᠨ ᠬᠢᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠠᠵᠢᠯ ᠲᠥᠷᠥᠯ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠬᠡᠮ | ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ ᠲᠠᠯ᠎ᠠ ᠪᠠᠷ᠂ ᠲᠦᠶᠮᠡᠷ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠤᠷᠢᠳᠴᠢᠯᠠᠨ | ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ | ᠳᠡᠭᠦᠯᠳᠡᠷᠵᠢᠬᠦᠯᠦᠨ᠂ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠥᠬᠦ ᠠᠷᠠᠳ ᠢᠶᠠᠷ ᠢᠶᠠᠨ ᠣᠷᠣᠯᠴᠠᠬᠤ ᠠᠭᠤᠷ | ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠵᠠᠢ᠃ | | |