ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠬᠤᠰᠢᠭᠤ ᠨᠠᠮ ᠤᠨ ᠬᠤᠷᠢᠶᠠᠨ  ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
      4 ᠰᠠᠷ᠎ᠠ ᠶᠢᠨ 2 ᠠᠴᠠ 3 ᠤ ᠡᠳᠦᠷ ᠪᠣᠯᠲᠠᠯ᠎ᠠ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ  ᠤᠨ ᠨᠣᠮ ᠤᠩᠰᠢᠬᠤ ᠠᠩᠭᠢ ᠵᠢᠴᠢ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ  ᠤᠨ 2025 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠡᠷᠬᠢᠯᠡᠯ᠎ᠡ᠃ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠬᠤᠷᠠᠯ ᠢ ᠡᠷᠬᠢᠯᠡᠵᠡᠢ᠃     ᠨᠣᠮ ᠤᠩᠰᠢᠬᠤ ᠠᠩᠭᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ᠂ ᠥᠪᠡᠷᠳᠡᠭᠡᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠰᠣᠨᠢᠷᠬᠠᠬᠤ ᠵᠡᠷᠭᠡ ᠬᠡᠯᠪᠡᠷᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠵᠤ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠶᠢᠯᠠᠭᠠᠭᠰᠠᠨ ᠪᠠᠶᠢᠨ᠎ᠠ᠃ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠣᠨᠣᠯ ᠵᠢᠭᠠᠨ ᠰᠤᠳᠤᠯᠬᠤ ᠬᠡᠯᠲᠡᠰ ᠤᠨ ᠳᠡᠳ᠋ ᠡᠷᠬᠢᠯᠡᠭᠴᠢ ᠰᠢᠶᠣᠤ ᠬᠠᠩ ᠲᠤᠰᠬᠠᠶ ᠰᠡᠳᠦᠪ ᠢᠶᠠᠷ ᠵᠢᠯᠤᠭᠤᠳᠤᠯᠭ᠎ᠠ ᠬᠢᠭᠰᠡᠨ ᠪᠠᠶᠢᠨ᠎ᠠ᠃     ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠤᠴᠢᠷ ᠠᠴᠠ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠬᠦᠳᠦᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠲᠤ ᠴᠢᠩᠭ᠎ᠠ ᠰᠤᠷᠲᠠᠯ ᠢ ᠪᠤᠢ ᠪᠣᠯᠭᠠᠬᠤ ᠬᠡᠷᠡᠭᠲᠡᠢ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠲᠦ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ ︽ᠳᠥᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ  ᠪᠠᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠥᠪ  ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠤᠨ᠂ ᠰᠢᠯᠤᠭᠤᠨ ᠬᠥᠬᠡ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠶᠯ ᠤᠨ ᠡᠭᠦᠷᠭᠡ ᠳᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠷᠣᠯᠴᠠᠵᠤ᠂ ᠨᠠᠮ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠯ᠎ᠠ᠃     ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠭᠠᠵᠠᠷ ᠤᠨ ᠲᠡᠰ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠠᠶᠢᠮᠠᠭ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ ᠤᠨ ᠡᠷᠬᠢᠯᠡᠭᠴᠢ ᠵᠢᠴᠢ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠤᠯᠴᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号