ᠰᠢᠯᠤᠭᠤᠨ ᠬᠥᠬᠡ ᠬᠤᠰᠢᠭᠤ 2025 ᠣᠨ ᠤ ᠬᠠᠪᠤᠷ ᠤᠨ ᠤᠯᠠᠷᠢᠯ ᠤᠨ ᠡᠪᠡᠰᠦᠨ ᠤ ᠣᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
      4 ᠰᠠᠷ᠎ᠠ ᠶᠢᠨ 3 ᠤ ᠡᠳᠦᠷ᠂ ᠰᠢᠯᠤᠭᠤᠨ ᠬᠥᠬᠡ ᠬᠤᠰᠢᠭᠤ 2025 ᠣᠨ ᠤ ᠬᠠᠪᠤᠷ ᠤᠨ ᠤᠯᠠᠷᠢᠯ ᠤᠨ ᠡᠪᠡᠰᠦᠨ ᠤ ᠣᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶᠠᠨ ᠤ ᠰᠣᠨᠢᠨ ᠮᠡᠳᠡᠭᠡ ᠨᠡᠶᠢᠳᠡᠯᠡᠭᠴᠢ ᠠᠴᠠ ᠬᠠᠪᠤᠷ ᠤᠨ ᠤᠯᠠᠷᠢᠯ ᠤᠨ ᠡᠪᠡᠰᠦᠨ ᠤ ᠣᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠳᠠᠶᠢᠯᠪᠤᠷᠢᠯᠠᠵᠠᠢ᠃      ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠪᠡᠯᠴᠢᠬᠡᠷ ᠰᠡᠷᠬᠦᠬᠡᠬᠦ ᠬᠤᠭᠤᠴᠠᠭ᠎ᠠ  ᠶᠢ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠳᠠᠯ᠎ᠠ ᠨᠡᠶᠢᠳᠡ 45 ᠡᠳᠦᠷ ᠢᠶᠠᠷ ᠲᠤᠭᠳᠠᠵᠤ᠂ ᠪᠥᠬᠦ ᠬᠤᠰᠢᠭᠤᠨ ᠤ 7 ᠰᠤᠮᠤ ᠪᠠᠯᠭᠠᠰᠤ ︵ᠲᠠᠯᠠᠪᠠᠶ︶ ᠶᠢᠨ 87 ᠭᠠᠴᠠᠭᠠᠨ ︵ᠲᠣᠰᠬᠤᠨ︶ ᠤ 1136.32 ᠲᠦᠮᠡᠨ ᠮᠥ ᠨᠤᠳᠤᠭ ᠪᠡᠯᠴᠢᠬᠡᠷ ᠢ ᠬᠠᠮᠤᠷᠤᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ  ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ  ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠲᠤᠭᠤᠷᠢᠭ ᠲᠤ ᠪᠡᠯᠴᠢᠭᠡᠷ ᠰᠡᠷᠬᠦᠬᠡᠬᠦ ᠲᠦᠷᠢᠮ ᠢ ᠬᠡᠷᠡᠭᠵᠢᠬᠦᠯᠵᠦ᠂ ᠲᠠᠷᠢᠶᠠᠯᠠᠬᠤ ᠣᠷᠣᠨ ᠪᠣᠯᠤᠨ ᠪᠡᠯᠴᠢᠭᠡᠷᠯᠡᠭᠦᠯᠬᠦ ᠶᠢ ᠬᠤᠷᠢᠭᠯᠠᠬᠤ ᠭᠠᠴᠠᠭᠠᠨ ᠳᠤ ᠪᠦᠬᠦ ᠵᠢᠯ ᠢᠶᠠᠷ ᠪᠡᠯᠴᠢᠭᠡᠷᠯᠡᠭᠦᠯᠬᠦ  ᠶᠢ ᠬᠤᠷᠢᠭᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠴᠢᠩᠭ᠎ᠠ ᠬᠡᠷᠡᠭᠵᠢᠭᠦᠯᠦᠨ᠎ᠡ᠃      ᠡᠭᠦᠨ ᠤ ᠬᠠᠮᠲᠤ ᠪᠡᠯᠴᠢᠭᠡᠷ ᠰᠡᠷᠬᠦᠬᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠮᠠᠯᠵᠢᠬᠤ ᠡᠷᠦᠬᠡ ᠳᠤ ᠮᠣ᠋ ᠪᠦᠷᠢ ᠳᠤ 1.125 ᠲᠥᠭᠦᠷᠢᠭ ᠤᠨ ᠨᠦᠬᠦᠪᠦᠷᠢ ᠤᠯᠭᠤᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠪᠠᠭᠤᠯᠭᠠᠨ ᠥᠭᠴᠦ᠂ ᠪᠡᠯᠴᠢᠭᠡᠷ ᠰᠡᠷᠬᠦᠬᠡᠬᠦ ᠠᠵᠢᠯ ᠲᠠᠭᠤᠰᠣᠠᠠᠰᠠᠨ ᠤ ᠲᠠᠷᠠᠭ᠎ᠠ ᠭᠠᠴᠠᠭ᠎ᠠ  ᠪᠠᠷ ᠨᠢᠭᠡᠴᠢ ᠪᠣᠯᠭᠠᠨ ᠮᠠᠯᠴᠢᠳ ᠤᠨ ︽ᠨᠢᠬᠡ ᠺᠠᠷᠲ︾ ᠲᠤ ᠤᠷᠤᠭᠤᠯᠤᠨ᠎ᠠ᠃      ᠬᠠᠪᠤᠷ ᠤᠨ ᠤᠯᠠᠷᠢᠯ ᠤᠨ ᠡᠪᠡᠰᠦᠨ ᠤ ᠣᠷᠭᠤᠯᠳᠠ ᠶᠢᠨ ᠬᠤᠭᠤᠴᠠᠭᠠᠨ ᠳᠤ ᠪᠡᠯᠴᠢᠭᠡᠷ ᠰᠡᠷᠬᠦᠬᠡᠬᠦ ᠠᠵᠢᠯ ᠢ ᠬᠡᠷᠡᠭᠵᠢᠭᠦᠯᠬᠦ ᠪᠣᠯ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠣᠰ ᠠᠷᠭ᠎ᠠ ᠬᠡᠮᠵᠢᠶ᠎ᠡ ᠨᠢ ᠡᠪᠡᠰᠦᠨ ᠤ ᠤᠷᠭᠤᠯᠲᠠ ᠶᠢ ᠰᠡᠷᠭᠦᠭᠡᠵᠦ᠂ ᠤᠨᠠᠯᠲᠠ ᠶᠢ ᠳᠡᠭᠡᠭᠰᠢᠯᠡᠭᠦᠯᠬᠦ ᠶᠢᠨ ᠬᠠᠮᠲᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠮᠠᠯ ᠪᠡᠯᠴᠢᠭᠡᠷ ᠤᠨ ᠲᠡᠩᠴᠡᠭᠦᠷᠢ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠶ ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠬᠤ ᠪᠣᠯᠤᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号