ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠤᠳᠤᠷᠢᠳᠬᠤ ᠺᠠᠳ᠋ᠷ ᠤᠨ ᠠᠵᠢᠯ ᠤᠨ ᠰᠤᠷᠲᠠᠯ ᠢ ᠤᠯᠠᠮ ᠨᠢᠭᠡ | ᠠᠯᠬᠤᠮ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 2 ᠤᠨ ᠡᠳᠦᠷ᠂ ᠰᠢᠯᠤᠭᠤᠨ ᠬᠥᠬᠡ ᠬᠤᠰᠢᠭᠤᠨ ᠤ | ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠤᠨ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠬᠤᠰᠢᠭᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠶᠠᠪᠤᠭᠳᠠᠪᠠ᠃ | ᠪᠣᠯᠪᠠᠰᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠤᠰᠬᠠᠶ ᠰᠡᠳᠦᠪᠲᠦ ᠲᠠᠶᠢᠯᠤᠮᠵᠢ᠂ | ᠰᠤᠳᠤᠯᠤᠨ ᠶᠠᠷᠢᠯᠴᠠᠬᠤ ᠪᠠ ᠥᠪᠡᠷᠳᠡᠭᠡᠨ ᠰᠤᠷᠤᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠥᠪᠥᠷ ᠮᠣᠩᠭᠤᠯ ᠤᠨ | ᠰᠦᠯᠵᠢᠶᠡᠨ ᠤ ᠳᠡᠭᠡᠳᠦ ᠰᠤᠷᠭᠠᠭᠤᠯᠢ ᠶᠢᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ | ᠦᠭᠡᠢ ᠪᠠᠷᠢᠮᠲᠠᠯᠠᠵᠤ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠲᠡᠮᠡᠴᠡᠯ | ᠤᠨ ᠪᠣᠭᠤᠮᠲᠠ ᠰᠢᠪᠲᠤᠯᠬᠤ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠣᠯᠰᠤᠭᠠᠢ︾ ᠭᠡᠬᠦ | ᠰᠤᠩᠭᠤᠳᠠᠭ ᠬᠢᠴᠢᠶᠡᠯ ᠢ ᠰᠤᠷᠤᠯᠴᠠᠭᠰᠠᠨ ᠪᠥᠭᠡᠳ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠠᠨᠢᠯᠲᠠ ᠪᠠᠨ ᠳᠡᠭᠡᠭᠰᠢᠯᠡᠭᠦᠯᠦᠨ ᠢᠲᠡᠭᠡᠯ ᠵᠣᠷᠢᠭ ᠢᠶᠠᠨ ᠪᠠᠲᠤᠳᠬᠠᠵᠤ᠂ | ᠪᠣᠳᠠᠲᠠᠢ ᠠᠵᠢᠯᠯᠠᠵᠤ ᠲᠡᠷᠢᠭᠦᠯᠡᠬᠦ ᠪᠠᠷ ᠴᠢᠷᠮᠠᠶᠢᠬᠤ︾ ᠭᠤᠣᠯ ᠰᠡᠳᠦᠪ ᠤᠨ ᠲᠣᠭᠤᠷᠢᠨ ᠳᠤ ᠶᠠᠷᠢᠯᠴᠠᠭ᠎ᠠ | ᠥᠷᠨᠢᠭᠦᠯᠵᠦ᠂ ᠲᠤᠰ ᠲᠤᠰ ᠤᠨ ᠠᠵᠢᠯ ᠤᠨ ᠲᠤᠷᠰᠢᠯᠭ᠎ᠠ ᠪᠠᠨ ᠬᠤᠪᠢᠶᠠᠯᠴᠠᠭᠰᠠᠨ ᠪᠠᠶᠢᠨ᠎ᠠ᠃ ᠪᠤᠯᠪᠠᠰᠤᠷᠠᠯ ᠢᠶᠠᠷ᠂ | ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠣᠨᠣᠯ ᠵᠢᠭᠠᠨ | ᠰᠤᠳᠤᠯᠬᠤ ᠬᠡᠯᠲᠡᠰ ᠤᠨ ᠳᠡᠳ᠋ ᠡᠷᠬᠢᠯᠡᠭᠴᠢ ᠰᠢᠶᠤᠤ ᠬᠠᠩ ᠢ ᠤᠷᠢᠵᠤ᠂ ︽ᠲᠥᠪ ᠤᠨ ᠨᠠᠶᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ ᠨᠠᠮ ᠤᠨ ᠰᠤᠷᠲᠠᠯ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭᠠᠨ ᠤ | ᠭᠦᠨᠵᠡᠭᠡᠶ ᠠᠭᠤᠯᠤᠭᠳᠠᠬᠤᠨ ᠪᠠ ᠦᠶᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢᠬᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ | ᠬᠠᠮᠤᠭ ᠤᠨ ᠰᠢᠨ᠎ᠡ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠨᠡᠶᠢᠲᠡᠯᠢᠭ ᠵᠢᠱᠢᠶ᠎ᠡ ᠶᠢ ᠵᠠᠳᠠᠯᠬᠤ ᠪᠠ ᠣᠨᠣᠯ ᠤᠨ | ᠲᠠᠶᠢᠯᠤᠮᠵᠢ ᠬᠢᠬᠦ ᠪᠠᠷ ᠳᠠᠮᠵᠢᠭᠤᠯᠵᠤ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ | ᠶᠢ ᠭᠦᠨᠵᠡᠭᠡᠶ ᠲᠠᠶᠢᠯᠪᠤᠷᠢᠯᠠᠵᠠᠢ᠃ ᠡᠭᠦᠨ ᠠᠴᠠ ᠭᠠᠳᠠᠨ᠎ᠠ ᠤᠯᠠᠨ ᠢᠶᠠᠷ ᠢᠶᠠᠨ ᠪᠠᠰᠠ ︽ᠰᠡᠷᠡᠮᠵᠢ ᠶᠢᠨ ᠬᠤᠩᠬᠤ︾ | ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠭᠰᠡᠨ ᠪᠠᠶᠢᠨ᠎ᠠ᠃ | ᠪᠥᠬᠦ ᠬᠤᠰᠢᠭᠤᠨ ᠤ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ 90 ᠭᠠᠷᠤᠶ ᠬᠥᠮᠦᠨ | ᠪᠣᠯᠪᠠᠰᠤᠷᠠᠯ ᠳᠤ ᠤᠷᠤᠯᠴᠠᠵᠠᠢ᠃ | |