ᠰᠤᠷᠭᠤᠭ ᠴᠡᠴᠡᠭ ᠢᠶᠠᠷ ᠲᠤᠶ᠋ᠢᠩ ᠰᠢᠳᠠᠭᠠᠬᠤ ᠶᠢ ᠤᠷᠤᠯᠠᠭᠤᠯᠵᠤ᠂ ᠰᠢᠨ᠎ᠡ ᠬᠡᠪ ᠰᠤᠷᠲᠠᠯ ᠢ ᠤᠯᠠᠮᠵᠢᠯᠠᠵᠤ ᠪᠤᠢ
ᠨᠡᠶᠢᠲᠡᠯᠡᠭᠰᠡᠨ ᠴᠠᠭ᠄
2025/4/14
      ᠬᠠᠩᠰᠢ ᠶᠢᠨ ᠡᠳᠦᠷ ᠪᠤᠯᠬᠤ ᠪᠠᠷ ᠤᠷᠢᠨ ᠲᠤᠯᠠᠭᠠᠨ ᠨᠠᠭᠠᠰᠢᠯᠠᠵᠤ᠂ ᠲᠦᠮᠡᠨ ᠪᠣᠳᠠᠰ ᠠᠮᠢᠯᠠᠨ ᠰᠡᠷᠭᠦᠳᠡᠭ᠃ ᠣᠶᠢᠷ᠎ᠠ ᠶᠢᠨ ᠵᠢᠯ᠂ ᠬᠦᠮᠦᠰ ᠤᠨ ᠣᠷᠴᠢᠨ ᠠᠬᠤᠶ ᠪᠠᠨ ᠬᠠᠮᠠᠭᠠᠯᠠᠬᠤ ᠦᠵᠡᠯ ᠤᠬᠠᠮᠰᠠᠷ ᠳᠠᠰᠤᠷᠠᠯ ᠦᠭᠡᠢ ᠳᠡᠭᠡᠭᠰᠢᠯᠡᠵᠦ᠂ ᠪᠣᠯᠪᠠᠰᠤᠨ ᠤ ᠦᠵᠡᠯᠲᠡ ᠶᠢᠨ ᠲᠦᠭᠡᠮᠡᠯᠵᠢᠬᠦ ᠶᠢ ᠳᠠᠭᠠᠯᠳᠤᠨ᠂ ᠨᠦᠭᠴᠢᠭᠰᠡᠳ ᠢᠶᠠᠨ ᠲᠤᠷᠠᠰᠤᠨ ᠰᠠᠨᠠᠭᠠᠯᠵᠠᠬᠤ ᠳᠠᠭᠠᠨ ᠰᠣᠷᠭᠤᠭ ᠴᠡᠴᠡᠭ ᠢᠶᠠᠷ ᠳᠠᠬᠢᠯᠭ᠎ᠠ ᠬᠢᠬᠦ ᠨᠢ ᠤᠯᠠᠮᠵᠢᠯᠠᠯᠲᠤ ᠲᠤᠶ᠋ᠢᠩ ᠰᠢᠲᠠᠭᠠᠬᠤ᠂ ᠫᠤᠤᠵᠢᠩ ᠲᠠᠯᠪᠢᠬᠤ ᠵᠡᠷᠭᠡ ᠬᠠᠭᠤᠴᠢᠨ ᠬᠡᠪ ᠵᠠᠩᠰᠢᠯ ᠢ ᠤᠷᠤᠯᠠᠬᠤ ᠪᠤᠯᠤᠭᠰᠠᠨ ᠪᠠᠶᠢᠨ᠎ᠠ᠃     ᠤᠶᠢᠷ᠎ᠠ ᠶᠢᠨ ᠡᠳᠦᠷ ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠡᠯ᠎ᠡ ᠰᠣᠷᠭᠤᠭ ᠴᠡᠴᠡᠭ ᠤᠨ ᠳᠡᠯᠭᠡᠭᠦᠷ ᠢᠶᠠᠷ ᠬᠦᠷᠬᠦ ᠳᠤ᠂ ᠤᠳᠪᠠᠯᠠ ᠴᠡᠴᠡᠭ᠂ ᠰᠠᠷᠠᠨ᠎ᠠ ᠴᠡᠴᠡᠭ᠂ ᠠᠩᠬᠢᠯᠤᠮ᠎ᠠ ᠪᠠᠱᠠᠭ᠎ᠠ ᠴᠡᠴᠡᠭ ᠵᠡᠷᠭᠡ ᠰᠤᠷᠭᠤᠭ ᠴᠡᠴᠡᠭ ᠢ ᠳᠠᠯᠪᠢᠭᠤᠷ ᠳᠡᠭᠡᠷ᠎ᠡ ᠲᠦᠭᠦᠷᠡᠳᠡᠯ᠎ᠡ ᠦᠷᠦᠭᠰᠡᠨ ᠬᠠᠷᠠᠭᠳᠠᠨ᠎ᠠ᠃ ᠳᠡᠯᠭᠡᠭᠦᠷ ᠤᠨ ᠡᠵᠡᠨᠳᠡᠨ ᠤ ᠳᠠᠨᠢᠯᠴᠠᠭᠤᠯᠬᠤ ᠪᠠᠷ ᠬᠠᠩᠰᠢ ᠶᠢᠨ ᠡᠳᠦᠷ ᠤᠶᠢᠷᠠᠳᠤᠭᠰᠠᠨ ᠪᠤᠯᠬᠤᠷ ᠴᠠᠭᠠᠨ ᠤᠳᠪᠠᠯᠠ᠂ ᠰᠢᠷ᠎ᠠ ᠤᠳᠪᠠᠯᠠ ᠵᠡᠷᠭᠡ ᠬᠠᠶᠢᠷ᠎ᠠ ᠬᠦᠨᠳᠦᠳᠭᠡᠯ ᠪᠠ ᠲᠤᠷᠠᠰᠤᠨ ᠰᠠᠨᠠᠭᠠᠯᠵᠠᠭᠰᠠᠨ ᠰᠡᠳᠬᠢᠯᠭᠡ ᠶᠢ ᠪᠡᠯᠭᠡᠳᠡᠭᠰᠡᠨ ᠴᠡᠴᠡᠭ ᠤᠨ ᠪᠣᠷᠣᠯᠠᠭᠤᠯᠭ᠎ᠠ ᠮᠠᠰᠢ ᠰᠠᠶᠢᠨ ᠪᠠᠶᠢᠵᠦ᠂ ᠡᠭᠦᠨ ᠠᠴᠠ ᠭᠠᠳᠠᠨ᠎ᠠ ᠨᠢᠭᠡ ᠪᠦᠯᠦᠭ ᠬᠦᠮᠦᠰ ᠪᠠᠰᠠ ᠨᠣᠭᠤᠭᠠᠨ ᠤᠷᠭᠤᠮᠠᠯ ᠬᠤᠳᠠᠯᠳᠤᠨ ᠠᠪᠴᠤ᠂ ᠨᠥᠭᠴᠢᠭᠰᠡᠳ ᠢᠶᠠᠨ ᠳᠠᠬᠢᠬᠤ ᠳᠤ ᠬᠡᠷᠡᠭᠯᠡᠵᠦ ᠪᠤᠢ ᠭᠡᠯ᠎ᠡ᠃     ᠬᠤᠸᠠ ᡁᠢ ᠶᠤᠸᠠᠨ ᠰᠤᠷᠭᠤᠭ ᠴᠡᠴᠡᠭ ᠤᠨ ᠳᠡᠯᠭᠡᠭᠦᠷ ᠤᠨ ᠡᠵᠡᠨᠳᠡ ᠼᠤᠤ ᠶᠠᠨ ᠰᠢᠶᠠ ᠬᠡᠯᠡᠬᠦ ᠳᠡᠭᠡᠨ᠄ ︽ᠮᠠᠨ ᠤ ᠳᠡᠯᠭᠡᠭᠦᠷ ᠰᠢᠷ᠎ᠠ ᠴᠠᠭᠠᠨ ᠦᠩᠭᠡ ᠶᠢᠨ ᠤᠳᠪᠠᠯᠠ ᠴᠡᠴᠡᠭ᠂ ᠴᠠᠭᠠᠨ ᠰᠠᠯᠢᠸ᠎ᠠ ᠴᠡᠴᠡᠭ ᠵᠡᠷᠭᠡ ᠶᠢ ᠤᠷᠤᠭᠤᠯᠤᠭᠰᠠᠨ᠃ ᠣᠷᠴᠢᠨ ᠲᠣᠭᠤᠷᠢᠨ ᠢ ᠪᠤᠬᠢᠷᠳᠠᠭᠤᠯᠬᠤ ᠦᠭᠡᠢ ᠪᠠᠶᠢᠬᠤ ᠶᠢᠨ ᠲᠤᠰᠠᠳᠠ ᠴᠠᠭᠠᠰᠤᠨ ᠡᠭᠡᠳᠡᠩ  ᠢᠶᠠᠷ ᠬᠢᠭᠰᠡᠨ ᠪᠣᠭᠤᠳᠠᠯᠯᠠᠬᠤ ᠴᠠᠭᠠᠰᠤ ᠶᠢ ᠪᠡᠯᠡᠳᠬᠡᠵᠡᠶ᠂ ᠲᠡᠷᠡ ᠨᠢ ᠬᠡᠰᠡᠭ ᠬᠤᠭᠤᠴᠠᠭ᠎ᠠ ᠥᠩᠭᠡᠷᠡᠪᠡᠯ ᠬᠥᠷᠥᠰᠥᠨ  ᠳᠤ ᠠᠭᠤᠰᠴᠤ᠂ ᠣᠷᠴᠢᠨ ᠲᠣᠭᠤᠷᠢᠨ ᠳᠤ ᠨᠥᠯᠥᠭᠡ ᠪᠣᠯᠬᠤ ᠥᠬᠡᠶ ᠵᠡᠷᠭᠡ ᠤᠨᠴᠠᠯᠢᠭ ᠲᠠᠢ ᠶᠤᠮ︾ ᠭᠡᠯ᠎ᠡ᠃     ᠰᠣᠷᠭᠤᠭ ᠴᠡᠴᠡᠭ ᠢᠶᠠᠷ ᠨᠦᠭᠴᠢᠭᠰᠡᠳ ᠢᠶᠠᠨ ᠳᠠᠬᠢᠬᠤ ᠨᠢ ᠬᠦᠮᠦᠰ ᠤᠨ ᠣᠷᠴᠢᠨ ᠠᠬᠤᠶ ᠪᠠᠨ ᠬᠠᠮᠠᠭᠠᠯᠠᠬᠤ ᠤᠬᠠᠮᠰᠠᠷ ᠳᠡᠭᠡᠭᠰᠢᠯᠡᠭᠰᠡᠨ ᠢ ᠬᠠᠷᠠᠭᠤᠯᠵᠤ᠂ ᠡᠨᠡ ᠨᠢ ᠵᠠᠰᠠᠭ ᠤᠨ ᠣᠷᠳᠣᠨ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠳᠡᠪᠬᠢᠳᠡᠢ ᠰᠠᠨᠠᠭᠠᠴᠢᠯᠠᠭ᠎ᠠ ᠠᠴᠠ ᠰᠠᠯᠵᠤ ᠴᠢᠳᠠᠬᠤ ᠥᠬᠡᠶ ᠶᠤᠮ᠃ ᠰᠢᠯᠤᠭᠤᠨ ᠬᠥᠬᠡ ᠬᠤᠰᠢᠭᠤ ᠣᠯᠠᠨ ᠵᠦᠶᠯ ᠤᠨ ᠠᠷᠭ᠎ᠠ ᠠᠪᠴᠠᠯ ᠢᠶᠠᠷ ᠪᠣᠯᠪᠠᠰᠤᠨ ᠲᠠᠬᠢᠯᠭ᠎ᠠ ᠶᠢᠨ ᠣᠶᠢᠯᠠᠭᠠᠭᠳᠠᠬᠤᠨ ᠢ ᠤᠬᠠᠭᠤᠯᠵᠤ᠂ ᠣᠯᠠᠨ ᠲᠦᠮᠡᠨ ᠢ ᠪᠣᠬᠢᠷᠲᠤᠯ ᠥᠬᠡᠶ᠂ ᠣᠷᠴᠢᠨ ᠲᠣᠭᠤᠷᠢᠨ ᠢ ᠬᠠᠮᠠᠭᠠᠯᠠᠬᠤ ᠲᠠᠬᠢᠯᠭ᠎ᠠ ᠶᠢᠨ ᠠᠷᠭ᠎ᠠ ᠬᠡᠯᠪᠡᠷᠢ ᠶᠢ ᠰᠣᠩᠭᠤᠵᠤ᠂ ᠬᠥᠬᠡᠮᠳᠦᠭ ᠨᠣᠭᠤᠭᠠᠨ ᠠᠭᠤᠯᠠ ᠤᠰᠤ ᠪᠠᠨ ᠬᠠᠮᠲᠤ ᠳᠠᠭᠠᠨ ᠰᠠᠬᠢᠨ ᠬᠠᠮᠠᠭᠠᠯᠠᠬᠤ ᠶᠢ ᠢᠳᠡᠪᠬᠢᠳᠡᠢ ᠤᠷᠢᠶᠠᠯᠠᠭᠰᠠᠨ ᠪᠠᠶᠢᠨ᠎ᠠ᠃ ᠡᠨᠡ ᠬᠦ ᠣᠨᠴᠠᠭᠠᠶ ᠡᠳᠦᠷ ᠲᠤ᠂ ᠬᠥᠮᠦᠰ ᠰᠤᠷᠭᠤᠭ ᠴᠡᠴᠡᠭ ᠢᠶᠠᠷ ᠨᠠᠰᠤ ᠪᠠᠷᠠᠭᠰᠠᠨ ᠲᠥᠷᠥᠯ ᠰᠠᠳᠤᠨ ᠢᠶᠠᠨ ᠲᠤᠷᠠᠰᠤᠨ ᠰᠠᠨᠠᠭᠠᠯᠵᠠᠬᠤ ᠰᠡᠳᠬᠢᠯᠭᠡ ᠪᠠᠨ ᠢᠯᠡᠳᠭᠡᠵᠦ᠂ ᠬᠠᠩᠰᠢ ᠶᠢᠨ ᠡᠳᠦᠷ ᠤᠨ ᠰᠤᠶᠤᠯ ᠤᠨ ᠠᠭᠤᠯᠤᠬᠳᠠᠬᠤᠨ ᠢ ᠪᠠᠶᠠᠯᠢᠭᠵᠢᠭᠤᠯᠵᠤ ᠪᠤᠢ᠃     ᠺᠠᠶ ᠰᠢᠨ ᠬᠤᠸᠠ ᠶᠤᠸᠠᠨ ᠰᠣᠷᠭᠤᠭ ᠴᠡᠴᠡᠭ ᠤᠨ ᠳᠡᠯᠭᠡᠭᠦᠷ ᠤᠨ ᠡᠵᠡᠨᠳᠡᠨ ᠴᠧᠨ ᡁᠢ ᠹᠠᠩ ᠬᠡᠯᠡᠬᠦ ᠳᠡᠭᠡᠨ᠄ ︽ᠬᠠᠩᠰᠢ ᠶᠢᠨ ᠡᠳᠦᠷ ᠪᠣᠯ ᠮᠠᠨ ᠤ ᠤᠯᠤᠰ ᠤᠨ ᠨᠦᠭᠴᠢᠭᠰᠡᠳ ᠢᠶᠠᠨ ᠳᠠᠬᠢᠬᠤ ᠤᠯᠠᠮᠵᠢᠯᠠᠯᠲᠤ ᠲᠠᠬᠢᠯᠭ᠎ᠠ ᠶᠢᠨ ᠡᠳᠦᠷ ᠪᠠᠶᠢᠵᠦ᠂ ᠤᠯᠠᠨ ᠢᠶᠠᠷ ᠢᠶᠠᠨ ᠳᠡᠭᠡᠳᠦᠰ ᠢᠶᠠᠨ ᠳᠤᠷᠠᠰᠤᠨ ᠰᠠᠨᠠᠭᠠᠯᠵᠠᠵᠤ ᠬᠦᠨᠳᠦᠳᠬᠡᠯ ᠢᠶᠠᠨ ᠳᠡᠪᠰᠢᠬᠦᠯᠳᠡᠭ᠃ ᠨᠢᠭᠡ ᠪᠠᠭᠴᠠ ᠰᠤᠷᠭᠤᠭ ᠴᠡᠴᠡᠭ ᠢᠶᠠᠷ ᠦᠩᠭᠡᠷᠡᠭᠰᠡᠨ ᠤ ᠳᠠᠬᠢᠯᠭ᠎ᠠ ᠶᠢᠨ ᠬᠡᠯᠪᠡᠷᠢ ᠶᠢ ᠤᠷᠤᠯᠠᠭᠤᠯᠬᠤ ᠨᠢ ᠰᠢᠨ᠎ᠡ ᠬᠡᠪ ᠰᠤᠷᠳᠠᠯ ᠢ ᠲᠦᠭᠡᠮᠡᠯᠵᠢᠬᠦᠯᠦᠨ ᠳᠡᠯᠭᠡᠷᠡᠭᠦᠯᠬᠦ ᠪᠤᠯᠤᠨ᠎ᠠ︾ ᠭᠡᠯ᠎ᠡ᠃     ᠪᠢᠳᠡ ᠰᠣᠷᠭᠤᠭ ᠴᠡᠴᠡᠭ ᠢᠶᠠᠷ ᠲᠤᠶ᠋ᠢᠩ ᠰᠢᠳᠠᠭᠠᠬᠤ ᠶᠢ ᠤᠷᠤᠯᠠᠭᠤᠯᠵᠤ᠂ ᠨᠠᠰᠤ ᠪᠠᠷᠠᠭᠰᠠᠨ ᠬᠥᠮᠦᠰ ᠢᠶᠠᠨ ᠳᠤᠷᠠᠰᠤᠨ ᠰᠠᠨᠠᠭᠠᠯᠵᠠᠬᠤ ᠬᠦᠨᠳᠦᠳᠬᠡᠯ ᠤᠨ ᠰᠡᠳᠬᠢᠯ ᠢᠶᠠᠨ ᠪᠤᠬᠢᠷᠳᠤᠯ ᠦᠭᠡᠢ ᠲᠠᠬᠢᠯᠭ᠎ᠠ ᠪᠠᠷ ᠢᠯᠡᠳᠭᠡᠵᠡᠭᠡᠶ᠎ᠡ︕ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号