ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/14
      ᠴᠠᠬᠢᠯᠭᠠᠨ ᠬᠥᠳᠡᠯᠭᠡᠭᠦᠷᠲᠦ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠢᠯᠢᠳᠡᠭᠵᠢᠬᠦᠯᠦᠨ᠂ ᠴᠠᠬᠢᠯᠭᠠᠨ ᠬᠥᠳᠡᠯᠭᠡᠭᠦᠷᠲᠦ ᠲᠡᠷᠭᠡ ᠲᠠᠢ ᠬᠤᠯᠪᠣᠭᠳᠠᠭᠰᠠᠨ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠵᠦ ᠪᠠᠭᠠᠰᠬᠠᠬᠤ ᠶᠢᠨ ᠲᠤᠰᠠᠳᠠ 4 ᠰᠠᠷ᠎ᠠ  ᠶᠢᠨ 1 ᠤ ᠡᠳᠦᠷ᠂ ᠰᠢᠯᠤᠭᠤᠨ ᠬᠥᠬᠡ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠤᠲᠠ ᠪᠠᠯᠭᠠᠰᠤᠨ ᠤ ᠳᠤᠮᠳᠠ ᠠᠩᠭᠢ᠂ ᠬᠠᠤᠯᠢ ᠬᠡᠷᠡᠭᠵᠢᠭᠦᠯᠬᠦ ᠬᠤᠪᠢᠶᠠᠷᠢ ᠠᠩᠭᠢ᠂ ᠤᠬᠠᠭᠤᠯᠬᠤ ᠳᠤᠮᠳᠠ ᠠᠩᠭᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠳᠡᠷᠭᠡ ᠤᠨᠤᠭ᠎ᠠ ᠤᠯᠠᠨᠳᠠᠢ᠂ ᠠᠳᠡᠯ ᠣᠯᠠᠨ ᠭᠠᠷᠳᠠᠭ ᠵᠠᠩᠭᠢᠯᠠᠭ᠎ᠠ ᠶᠢᠨ ᠵᠠᠮ ᠤᠨ ᠬᠡᠰᠡᠭ ᠪᠠ ᠭᠤᠤᠯ ᠪᠣᠯᠬᠤ ᠵᠠᠮ ᠬᠠᠷᠢᠯᠴᠠᠭᠠᠨ ᠤ ᠭᠠᠵᠠᠷ ᠲᠤ ᠪᠠᠶᠢᠴᠠᠭᠠᠬᠤ ᠴᠡᠭ ᠲᠤᠬᠢᠷᠠᠭᠤᠯᠵᠤ᠂ ᠴᠠᠬᠢᠯᠭᠠᠨ ᠬᠥᠳᠡᠯᠭᠡᠭᠦᠷᠲᠦ ᠲᠡᠷᠭᠡ ᠲᠤᠬᠢᠶᠠᠨ ᠳ᠋ᠧᠩ ᠢ ᠵᠦᠷᠢᠴᠡᠭᠰᠡᠨ᠂ ᠴᠢᠭᠯᠡᠯ ᠰᠥᠷᠴᠦ ᠶᠠᠪᠤᠭᠰᠠᠨ᠂ ᠬᠠᠮᠠᠭᠠᠯᠠᠯᠳᠠ ᠶᠢᠨ ᠮᠠᠯᠠᠭᠠᠢ ᠵᠡᠭᠦᠭᠰᠡᠨ ᠥᠬᠡᠶ᠂ ᠲᠣᠭᠲᠠᠭᠰᠠᠨ ᠵᠠᠮ ᠢᠶᠠᠷ ᠶᠠᠪᠤᠭᠰᠠᠨ ᠥᠬᠡᠶ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠵᠤ᠂ ᠰᠤᠷᠭᠠᠨ ᠬᠥᠮᠦᠵᠢᠭᠦᠯᠵᠦ ᠢᠳᠬᠠᠬᠤ ᠪᠠᠷ ᠭᠤᠣᠯ ᠪᠣᠯᠭᠠᠨ᠂ ᠵᠢᠯᠣᠭᠤᠴᠢ ᠳᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠣᠷ ᠬᠥᠨᠥᠭᠡᠯ ᠪᠣᠯᠤᠨ ᠦᠷ᠎ᠡ ᠳ᠋ᠦᠩ ᠢ ᠨᠠᠷᠢᠯᠢᠭ ᠲᠠᠶᠢᠯᠪᠤᠷᠢᠯᠠᠵᠤ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠵᠢᠯᠤᠭᠤᠳᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ 80 ᠭᠠᠷᠤᠶ ᠴᠠᠬᠢᠯᠭᠠᠨ ᠬᠥᠳᠡᠯᠭᠡᠭᠦᠷᠲᠦ ᠲᠡᠷᠭᠡ ᠶᠢ ᠪᠠᠶᠢᠴᠠᠭᠠᠨ ᠰᠢᠶᠳᠪᠦᠷᠢᠯᠡᠵᠦ᠂ 170 ᠭᠠᠷᠤᠶ ᠵᠢᠯᠣᠭᠤᠴᠢ ᠶᠢ ᠢᠳᠬᠠᠨ ᠰᠤᠷᠭᠠᠭᠰᠠᠨ ᠪᠠᠶᠢᠨ᠎ᠠ᠃ ᠡᠨᠡᠬᠦ ᠠᠵᠢᠯᠯᠠᠭ᠎ᠠ ᠪᠠᠷ ᠳᠠᠮᠵᠢᠭᠤᠯᠤᠨ᠂ ᠴᠠᠬᠢᠯᠭᠠᠨ ᠬᠥᠳᠡᠯᠭᠡᠭᠦᠷᠲᠦ ᠲᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠬᠦ ᠶᠢ ᠪᠦᠲᠦᠮᠵᠢᠲᠡᠶ ᠬᠤᠷᠢᠭᠯᠠᠭᠰᠠᠨ ᠢᠶᠠᠷ ᠪᠠᠷᠠᠬᠤ ᠥᠬᠡᠶ᠂ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃      ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠵᠣᠣ ᠴᠧᠩ ᠮᠧᠩ ᠬᠡᠯᠡᠬᠦ ᠳᠡᠭᠡᠨ᠄ ︽ᠣᠶᠢᠷ᠎ᠠ ᠶᠢᠨ ᠵᠢᠯ ᠴᠠᠬᠢᠯᠭᠠᠨ ᠬᠥᠳᠡᠯᠭᠡᠭᠦᠷᠲᠦ ᠲᠡᠷᠭᠡ ᠤᠨᠤᠬᠤ ᠳᠠᠭᠠᠨ ᠠᠮᠤᠷ ᠲᠦᠪᠰᠢᠨ ᠤ ᠬᠠᠮᠠᠭᠠᠯᠠᠯᠳᠠ ᠶᠢᠨ ᠮᠠᠯᠠᠭᠠᠢ ᠵᠡᠭᠦᠭᠦ ᠦᠭᠡᠢ᠂ ᠲᠤᠬᠢᠶᠠᠨ ᠳ᠋ᠧᠩ ᠢ ᠵᠦᠷᠢᠴᠡᠭᠦ᠂ ᠴᠢᠭᠯᠡᠯ ᠰᠥᠷᠴᠦ ᠶᠠᠪᠤᠬᠤ ᠵᠡᠷᠭᠡ ᠵᠠᠮ ᠬᠠᠷᠢᠯᠴᠠᠭᠠᠨ ᠤ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠪᠠᠶᠢᠨ ᠳᠠᠬᠢᠨ ᠭᠠᠷᠴᠤ᠂ ᠢᠯᠠᠩᠭᠤᠶ᠎ᠠ ᠰᠤᠷᠤᠭᠴᠢᠳ ᠲᠤ ᠬᠤᠯᠪᠣᠭᠳᠠᠭᠰᠠᠨ ᠠᠳᠡᠯ ᠣᠯᠠᠰᠢᠷᠠᠵᠤ ᠪᠠᠶᠢᠨ᠎ᠠ᠃ ᠡᠭᠦᠨ ᠤ ᠲᠤᠯᠠᠳᠠ᠂ ᠮᠠᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︿ᠠᠮᠤᠷ ᠲᠦᠪᠰᠢᠨ ᠤ ᠮᠠᠯᠠᠭᠠᠢ ᠵᠡᠭᠦᠵᠦ ᠠᠶᠤᠯᠬᠦᠢ ᠪᠦᠰᠡ ᠪᠠᠨ ᠪᠦᠰᠡᠯᠡᠬᠦ﹀ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠶᠢ ᠡᠬᠢᠯᠡᠭᠦᠯᠵᠡᠢ᠃ ᠰᠤᠷᠭᠠᠨ ᠬᠥᠮᠦᠵᠢᠭᠦᠯᠬᠦ ᠪᠠ ᠬᠠᠤᠯᠢ ᠬᠡᠷᠡᠭᠵᠢᠭᠦᠯᠬᠦ ᠲᠠᠢ ᠤᠶᠠᠯᠳᠤᠭᠤᠯᠤᠨ᠂ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠬᠠᠶ ᠶᠢᠨ ᠳᠠᠯᠠᠪᠠᠢ ᠳᠤᠨᠢ ᠢᠳᠬᠠᠬᠤ ᠪᠤᠶᠤ ᠲᠤᠷᠭᠠᠵᠤ ᠰᠢᠳᠭᠡᠭᠰᠡᠨ ᠢᠶᠠᠷ ᠪᠠᠷᠠᠬᠤ ᠦᠭᠡᠢ ᠡᠯ᠎ᠡ ᠰᠤᠷᠭᠠᠭᠤᠯᠢ ᠲᠠᠢ ᠬᠠᠮᠲᠤᠷᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠤᠨ ᠬᠢᠴᠢᠶᠡᠯ ᠦᠷᠨᠢᠬᠦᠯᠦᠭᠰᠡᠨ ᠪᠠᠶᠢᠨ᠎ᠠ᠃ ᠰᠡᠷᠡᠮᠵᠢᠯᠡᠭᠦᠯᠬᠦ ᠬᠥᠮᠦᠵᠢᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠭᠤᠤᠯ ᠰᠡᠳᠦᠪᠲᠦ ᠬᠢᠴᠢᠶᠡᠯ  ᠢᠶᠠᠷ ᠳᠠᠮᠵᠢᠭᠤᠯᠤᠨ᠂ ᠰᠤᠷᠤᠭᠴᠢᠳ ᠤᠨ ᠠᠮᠤᠷ ᠲᠦᠪᠰᠢᠨ ᠤ ᠬᠠᠮᠠᠭᠠᠯᠠᠯᠳᠠ ᠶᠢᠨ ᠮᠠᠯᠠᠭᠠᠢ ᠵᠡᠭᠦᠵᠦ ᠠᠮᠤᠷ ᠲᠦᠪᠰᠢᠨ ᠤ ᠪᠦᠰᠡ ᠪᠠᠨ ᠪᠦᠰᠡᠯᠡᠬᠦ ᠲᠠᠨᠢᠯᠲᠠ ᠶᠢ ᠳᠡᠭᠡᠭᠰᠢᠯᠡᠭᠦᠯᠵᠡᠢ᠃ ᠴᠠᠭᠳᠠᠭ᠎ᠠ᠂ ᠰᠤᠷᠭᠠᠭᠤᠯᠢ᠂ ᠬᠡᠷ ᠪᠦᠯᠢ  ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠠᠮᠤᠷ ᠲᠦᠪᠰᠢᠨ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠪᠠᠷ ᠴᠢᠷᠮᠠᠶᠢᠵᠦ ᠪᠠᠶᠢᠨ᠎ᠠ︾ ᠭᠡᠯ᠎ᠡ᠃       ᠣᠶᠢᠷ᠎ᠠ ᠶᠢᠨ ᠵᠢᠯ᠂ ᠰᠢᠯᠤᠭᠤᠨ ᠬᠥᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠴᠢᠩᠭ᠎ᠠ ᠬᠠᠮᠢᠶᠠᠷᠬᠤ ᠶᠢ ᠪᠠᠳᠤᠯᠠᠵᠤ ᠪᠤᠢ᠃ ᠡᠭᠦᠨ ᠤ ᠬᠠᠮᠲᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠬᠦᠨᠵᠡᠭᠡᠢ ᠦᠷᠨᠢᠬᠦᠯᠵᠦ᠂ ᠥᠷᠭᠡᠨ ᠣᠯᠠᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠡᠷᠡᠭᠯᠡᠵᠦ ᠪᠠᠶᠢᠭ᠎ᠠ ᠬᠦᠮᠦᠰ ᠢ ᠤᠬᠠᠮᠰᠠᠷ ᠠᠴᠠ ᠪᠠᠨ ᠵᠠᠮ ᠬᠠᠷᠢᠯᠴᠠᠭᠠᠨ  ᠤ ᠬᠠᠤᠯᠢ ᠲᠣᠭᠲᠠᠭᠠᠯ ᠢ ᠵᠢᠷᠤᠮᠯᠠᠵᠤ᠂ ᠬᠠᠮᠳᠤᠪᠠᠷ ᠪᠣᠯᠪᠠᠰᠤᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠠᠶᠢᠭᠤᠯᠬᠤ ᠶᠢ ᠰᠠᠨᠠᠭᠠᠴᠢᠯᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号