ᠰᠢᠯᠤᠭᠤᠨ ᠬᠥᠬᠡ ᠬᠤᠰᠢᠭᠤ 1100 ᠭᠠᠷᠤᠶ ᠲᠦᠮᠡᠨ ᠮᠥ ᠪᠡᠯᠴᠢᠭᠡᠷ ᠲᠤ ᠪᠡᠯᠴᠢᠭᠡᠷᠯᠡᠬᠦᠯᠬᠦ ᠶᠢ ᠵᠤᠭᠰᠤᠭᠠᠬᠤ ᠲᠦᠷᠦ ᠶᠢᠨ ᠪᠤᠳᠤᠯᠭ᠎ᠠ ᠬᠡᠷᠡᠭᠵᠢᠬᠦᠯᠪᠡ
ᠨᠡᠶᠢᠲᠡᠯᠡᠭᠰᠡᠨ ᠴᠠᠭ᠄
2025/4/14
        4 ᠰᠠᠷ᠎ᠠ ᠶᠢᠨ 5 ᠤ ᠡᠳᠦᠷ ᠠᠴᠠ ᠡᠬᠢᠯᠡᠨ᠂ ᠰᠢᠯᠤᠭᠤᠨ ᠬᠥᠬᠡ ᠬᠤᠰᠢᠭᠤᠨ ᠤ 1136.32 ᠲᠦᠮᠡᠨ ᠮᠤ᠋ ᠪᠡᠯᠴᠢᠭᠡᠷ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠤᠷᠤᠵᠤ᠂ ᠡᠨᠡᠬᠦ ᠬᠤᠭᠤᠴᠠᠭᠠᠨ  ᠳᠤ᠂ ᠰᠢᠯᠤᠭᠤᠨ ᠬᠥᠬᠡ ᠬᠤᠰᠢᠭᠤ ︽ᠰᠢᠨᠵᠢᠯᠡᠬᠦ ᠤᠬᠠᠭᠠᠨᠴᠢ ᠪᠠᠷ ᠪᠡᠯᠴᠢᠭᠡᠷ ᠰᠡᠷᠭᠦᠭᠡᠬᠦ + ᠠᠮᠢ ᠠᠬᠤᠶ ᠶᠢᠨ ᠨᠥᠬᠦᠪᠥᠷᠢ ᠥᠭᠬᠦ︾ ᠪᠠᠷ ᠳᠠᠮᠵᠢᠭᠤᠯᠤᠨ᠂ ᠨᠤᠲᠤᠭ ᠪᠡᠯᠴᠢᠭᠡᠷ ᠢ ᠰᠡᠷᠭᠦᠭᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠬᠦ ᠪᠣᠯᠤᠨ᠎ᠠ᠃        ᠰᠠᠶᠢᠨᠬᠤᠳᠳᠤᠭ ᠰᠤᠮᠤᠨ ᠤ ᠪᠠᠶᠠᠨᠳᠦ᠋ᠬᠦᠮ ᠭᠠᠴᠠᠭᠠᠨ ᠤ ᠨᠤᠲᠤᠭ ᠪᠡᠯᠴᠢᠭᠡᠷ ᠤᠨ ᠬᠠᠮᠠᠭᠠᠯᠠᠭᠴᠢ ᠬᠦᠰᠡᠯᠡᠩ ᠥᠷᠯᠥᠭᠡ ᠡᠷᠲᠡ ᠭᠠᠴᠠᠭᠠᠨ ᠤ ᠸᠢᠴᠠᠲ ᠤᠨ ᠬᠤᠯᠪᠣᠭ᠎ᠠ ᠳᠤ ᠪᠡᠯᠴᠢᠭᠡᠷ ᠰᠡᠷᠭᠦᠭᠡᠬᠦ ᠠᠵᠢᠯ ᠤᠨ ᠲᠤᠬᠠᠢ ᠰᠠᠨᠠᠭᠤᠯᠤᠮᠵᠢ ᠨᠡᠶᠢᠲᠡᠯᠡᠵᠦ᠂ ᠣᠯᠠᠨ ᠢᠶᠠᠷ ᠢᠶᠠᠨ ᠬᠠᠰᠢᠶᠠᠯᠠᠨ ᠲᠡᠵᠢᠭᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯ ᠤᠨᠤᠭ᠎ᠠ ᠪᠠᠨ ᠪᠡᠯᠴᠢᠭᠡᠬᠦ ᠶᠢ ᠬᠤᠷᠢᠭᠯᠠᠬᠤ ᠬᠡᠷᠡᠭᠲᠡᠶ ᠭᠡᠵᠦ ᠵᠠᠬᠢᠯ᠎ᠠ᠃ ᠰᠤᠷᠪᠤᠯᠵᠢᠯᠠᠭᠴᠢ ᠳᠡᠭᠦᠨ ᠢ ᠳᠠᠭᠠᠵᠤ ᠮᠠᠯᠴᠢᠳ ᠤᠨ ᠬᠡᠷ ᠢᠶᠠᠷ ᠬᠥᠷᠬᠦ ᠳᠤ᠂ ᠤᠯᠠᠩᠬᠢ ᠮᠠᠯᠴᠢᠳ ᠡᠪᠡᠰᠦ ᠪᠣᠷᠳᠤᠭ᠎ᠠ ᠵᠦᠭᠡᠭᠡᠪᠦᠷᠢᠯᠡᠬᠦ᠂ ᠬᠤᠯᠢᠵᠦ ᠵᠢᠭᠤᠷᠠᠬᠤ᠂ ᠮᠠᠯ ᠢᠶᠠᠨ ᠳᠡᠵᠢᠭᠡᠭᠦ ᠵᠡᠷᠭᠡ ᠠᠵᠢᠯ ᠳᠠᠭᠠᠨ ᠶᠠᠭᠠᠷᠠᠯᠳᠤᠵᠤ ᠪᠠᠶᠢᠯ᠎ᠠ᠃        ᠱᠠᠩᠳᠤ ᠪᠠᠯᠭᠠᠰᠤᠨ ᠳᠤ᠂ ᠪᠦᠬᠦ ᠪᠠᠯᠭᠠᠰᠤᠨ ᠤ ᠲᠣᠣᠷᠴᠢᠯᠠᠭᠰᠠᠨ ᠬᠠᠮᠢᠶᠠᠷᠤᠯᠲᠠ ᠶᠢᠨ 22 ᠠᠵᠢᠯᠲᠠᠨ ᠲᠤᠰ ᠲᠤᠰ 3- 5 ᠮᠠᠯᠵᠢᠬᠤ ᠡᠷᠦᠬᠡ ᠶᠢ ᠬᠠᠷᠢᠭᠤᠴᠠᠵᠤ᠂ ᠲᠤᠤᠷ ᠬᠦᠷᠢᠶᠠᠨ ᠤ ᠬᠡᠮᠵᠢᠶ᠎ᠡ ᠪᠠ ᠬᠠᠰᠢᠶᠠᠯᠠᠨ ᠲᠡᠵᠢᠭᠡᠵᠦ ᠪᠠᠶᠢᠭ᠎ᠠ ᠪᠠᠶᠢᠳᠠᠯ ᠢ ᠲᠣᠭᠤᠷᠢᠨ ᠪᠠᠶᠢᠴᠠᠭᠠᠵᠤ ᠪᠠᠶᠢᠯ᠎ᠠ᠃ ᠡᠭᠦᠨ ᠤ ᠬᠠᠮᠲᠤ᠂ ᠲᠤᠬᠠᠶ ᠶᠢᠨ ᠭᠠᠵᠠᠷ ᠤᠨ  ᠬᠢᠨ ᠪᠠᠶᠢᠷᠢ ᠲᠣᠭᠲᠠᠭᠠᠬᠤ ᠲᠦᠭᠦᠭᠡᠷᠦᠮᠵᠢ ᠪᠠ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠴᠠᠭᠳᠠᠬᠤ ᠮᠡᠷᠭᠡᠵᠢᠯ ᠢ ᠬᠡᠷᠡᠭᠯᠡᠨ᠂ ᠭᠤᠤᠯᠳᠠᠯᠭ᠎ᠠ ᠲᠠᠢ ᠣᠷᠣᠨ ᠪᠦᠰᠡ ᠳᠤ ᠬᠢᠨᠠᠨ ᠬᠡᠮᠵᠢᠯᠲᠡ ᠬᠢᠵᠦ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠳᠠᠷᠤᠢ ᠳᠤᠨᠢ ᠪᠠᠶᠢᠴᠠᠭᠠᠨ ᠢᠯᠡᠷᠡᠭᠦᠯᠵᠦ᠂ ᠪᠡᠯᠴᠢᠭᠡᠷ ᠰᠡᠷᠭᠦᠭᠡᠵᠦ ᠬᠢᠨᠠᠨ ᠬᠠᠮᠢᠶᠠᠷᠬᠤ ᠠᠵᠢᠯ  ᠤᠨ ᠪᠦᠲᠦᠮᠵᠢ ᠲᠠᠢ ᠶᠠᠪᠤᠭᠳᠠᠬᠤ ᠶᠢ ᠪᠠᠳᠤᠯᠠᠵᠤ ᠪᠤᠢ᠃        ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠳᠠᠯᠠᠪᠠᠢ ᠪᠠᠷ ᠬᠠᠮᠤᠭ ᠤᠨ ᠶᠡᠭᠡ ᠬᠤᠰᠢᠭᠤ ᠪᠣᠯᠤᠭᠰᠠᠨ ᠤ ᠬᠤᠪᠢ ᠳᠤ᠂ ᠰᠢᠯᠤᠭᠤᠨ ᠬᠥᠬᠡ ᠬᠤᠰᠢᠭᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠢ ᠡᠪᠡᠰᠦᠨ ᠤ ᠤᠷᠭᠤᠯᠳᠠ ᠶᠢ ᠬᠠᠮᠠᠭᠠᠯᠠᠬᠤ ᠪᠠ ᠡᠯᠡᠰᠦᠷᠬᠡᠭ ᠭᠠᠵᠠᠷ ᠤᠨ ᠠᠮᠢ ᠠᠬᠤᠶ ᠶᠢ ᠵᠠᠰᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠤᠯᠭᠠᠨ ᠴᠢᠩᠭ᠎ᠠ ᠠᠳᠬᠤᠵᠤ ᠪᠤᠢ᠃ ᠲᠣᠰ ᠤᠳᠠᠭᠠᠨ ᠤ ᠪᠡᠯᠴᠢᠭᠡᠷ ᠰᠡᠷᠭᠦᠭᠡᠭᠦ ᠠᠵᠢᠯ ᠢ 4 ᠳ᠋ᠦ᠋ᠭᠡᠷ ᠰᠠᠷ᠎ᠠ ᠶᠢᠨ 5 ᠤ ᠡᠳᠦᠷ ᠠᠴᠠ 5 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ ᠶᠠᠪᠤᠭᠳᠠᠭᠤᠯᠬᠤ ᠪᠠᠷ ᠪᠠᠶᠢᠵᠦ᠂ ᠮᠥ ᠪᠦᠷᠢ ᠳᠤ 1.125 ᠲᠥᠭᠦᠷᠢᠭ ᠤᠨ ᠠᠮᠢ ᠠᠬᠤᠶ ᠶᠢᠨ ᠨᠥᠬᠦᠪᠥᠷᠢ ᠤᠯᠭᠤᠨ᠂ ᠮᠠᠯᠴᠢᠳ ᠲᠤ ᠠᠮᠢ ᠠᠬᠤᠶ ᠪᠠ ᠠᠵᠤ ᠠᠬᠤᠶ ᠶᠢᠨ ᠦᠷ᠎ᠡ ᠠᠰᠢᠭ ᠢ ᠬᠠᠮᠳᠤ ᠳᠤᠨᠢ ᠬᠦᠷᠳᠡᠭᠡᠭᠦ ᠪᠤᠯᠤᠨ᠎ᠠ᠃        ᠪᠡᠯᠴᠢᠭᠡᠷᠯᠡᠬᠦᠯᠬᠦ ᠶᠢ ᠵᠣᠭᠰᠣᠭᠠᠬᠤ ᠠᠵᠢᠯ ᠢ ᠡᠮᠬᠢ ᠴᠡᠭᠴᠡ ᠲᠠᠢ ᠠᠬᠢᠭᠤᠯᠬᠤ ᠶᠢᠨ ᠲᠥᠯᠥᠭᠡ᠂ 3 ᠰᠠᠷ᠎ᠠ  ᠠᠴᠠ ᠡᠬᠢᠯᠡᠨ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠤ ᠬᠢᠨ ᠪᠡᠯᠡᠳᠬᠡᠯ ᠠᠵᠢᠯ ᠢᠶᠠᠨ ᠡᠬᠢᠯᠡᠭᠦᠯᠵᠦ᠂ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠠᠵᠢᠯᠲᠠᠨ ᠤ ᠪᠣᠯᠪᠠᠰᠤᠷᠠᠯ ᠢ ᠴᠢᠩᠭᠠᠳᠬᠠᠬᠤ ᠶᠢᠨ ᠬᠠᠮᠳᠤ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠠᠯᠪᠠᠨ ᠵᠠᠷ ᠨᠠᠭᠠᠬᠤ᠂ ᠤᠬᠤᠷ ᠹᠢᠯᠢᠮ ᠢᠶᠠᠷ ᠤᠬᠠᠭᠤᠯᠬᠤ ᠵᠡᠷᠭᠡ ᠣᠯᠠᠨ ᠬᠡᠯᠪᠡᠷᠢ ᠪᠠᠷ ᠲᠥᠷᠥ ᠶᠢᠨ ᠪᠣᠳᠣᠯᠭ᠎ᠠ ᠶᠢ ᠤᠬᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠶᠢᠨ ᠠᠯᠤᠰ ᠬᠡᠳᠦ ᠶᠢᠨ ᠠᠰᠢᠭ ᠲᠤᠰᠠ ᠶᠢ ᠮᠠᠯᠴᠢᠨ ᠲᠠᠷᠢᠶᠠᠴᠢᠳ ᠲᠤ ᠬᠦᠨᠵᠡᠭᠡᠢ ᠲᠠᠨᠢᠭᠤᠯᠤᠭᠰᠠᠨ ᠪᠠᠶᠢᠨ᠎ᠠ᠃ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ  ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ 4 ᠰᠠᠷ᠎ᠠ ᠶᠢᠨ 3 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠨᠥᠬᠦᠪᠥᠷᠢ ᠶᠢᠨ ᠪᠠᠷᠢᠮᠵᠢᠶ᠎ᠠ᠂ ᠡᠪᠡᠰᠦ ᠪᠣᠷᠳᠤᠭ᠎ᠠ ᠨᠥᠭᠡᠴᠡᠯᠡᠬᠦ᠂ ᠮᠠᠯ ᠤᠨ ᠭᠡᠮ ᠬᠢᠵᠢᠭ  ᠢ ᠰᠡᠷᠭᠡᠶᠢᠯᠡᠨ ᠵᠠᠰᠠᠬᠤ ᠵᠡᠷᠭᠡ ᠮᠠᠯᠴᠢᠳ ᠤᠨ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠲᠠᠶᠢᠯᠤᠮᠵᠢ ᠬᠢᠭᠰᠡᠨ ᠪᠦᠭᠡᠳ ᠮᠠᠯ ᠤᠨ ᠤᠤᠭᠤᠬᠤ ᠤᠰᠤᠨ ᠤ ᠪᠠᠲᠤᠯᠠᠭ᠎ᠠ᠂ ᠮᠡᠷᠭᠡᠵᠢᠯ ᠤᠨ ᠵᠢᠯᠣᠭᠤᠳᠣᠯᠭ᠎ᠠ ᠵᠡᠷᠭᠡ ᠢᠵᠢ ᠦᠶᠯᠡᠴᠢᠯᠡᠭᠡ  ᠶᠢ ᠵᠡᠷᠭᠡ ᠳᠤᠨᠢ ᠰᠠᠶᠢᠲᠤᠷ ᠬᠢᠵᠦ᠂ ᠪᠡᠯᠴᠢᠭᠡᠷ ᠰᠡᠷᠭᠦᠭᠡᠭᠦ ᠬᠤᠭᠤᠴᠠᠭᠠᠨ ᠳᠠᠬᠢ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠲᠣᠭᠲᠠᠭᠤᠨ ᠢ ᠪᠠᠳᠤᠯᠠᠬᠤ ᠪᠤᠯᠤᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号