ᠰᠢᠯᠤᠭᠤᠨ ᠬᠥᠬᠡ ᠬᠤᠰᠢᠭᠤ ︽ᠳᠡᠯᠡᠬᠡᠶ ᠶᠢᠨ ᠨᠣᠮ ᠤᠩᠰᠢᠬᠤ ᠡᠳᠦᠷ︾᠎ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/24
       4 ᠰᠠᠷ᠎ᠠ ᠶᠢᠨ 22᠎ ᠤᠨ ᠡᠳᠦᠷ᠂ 30 ᠳ᠋ᠤᠭᠠᠷ ︽ᠳᠡᠯᠡᠬᠡᠶ ᠶᠢᠨ ᠨᠣᠮ ᠤᠩᠰᠢᠬᠤ ᠡᠳᠦᠷ︾᠎ ᠢ ᠲᠣᠬᠢᠶᠠᠯᠳᠣᠭᠤᠯᠣᠨ᠂ ᠰᠢᠯᠤᠭᠤᠨ ᠬᠥᠬᠡ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠶᠯᠡᠴᠢᠯᠡᠭᠡᠨ ᠤ ᠲᠥᠪ ᠤᠨ ᠬᠢᠨ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠯᠦᠭ ᠳᠠᠭᠤᠯᠠᠯᠴᠢᠳ ᠤᠨ ᠨᠡᠶᠢᠭᠡᠮᠯᠢᠭ᠂ ᠬᠤᠶᠠᠷ ᠪᠤᠮᠪᠠ ᠨᠡᠶᠢᠭᠡᠮ ᠲᠣᠭᠤᠷᠢᠭ ᠲᠠᠢ ᠬᠠᠮᠲᠤᠷᠠᠨ ᠡᠷᠭᠢᠯᠡᠭᠰᠡᠨ ︽ᠨᠣᠮ ᠪᠢᠴᠢᠭ ᠰᠡᠳᠬᠢᠯ ᠢ ᠤᠮᠳᠠᠯᠠᠵᠤ᠂ ᠤᠮᠠᠷᠠᠲᠤ ᠬᠢᠯᠢ ᠶᠢᠨ ᠰᠣᠶᠣᠯ ‍ᠣᠨ‌‍ᠪᠤᠯᠵᠤᠭ᠎ᠠ︾ ᠭᠤᠤᠯ ᠰᠡᠳᠦᠪᠲᠦ ᠦᠶᠯᠡᠳᠦᠯᠭᠡ ᠎ ᠶᠢᠨ ᠠᠵᠢᠯᠯᠠᠭ᠎ᠠ ᠨᠢ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠲᠤ ᠶᠠᠪᠤᠠᠠᠳᠠᠯ᠎ᠠ᠃ ᠠᠵᠢᠯᠯᠠᠭ᠎ᠠ ᠨᠢ 2025 ᠣᠨ ᠤ ᠳᠡᠯᠡᠬᠡᠢ ᠶᠢᠨ ᠨᠣᠮ ᠤᠩᠰᠢᠬᠤ ᠡᠳᠦᠷ ᠤᠨ ︽ᠤᠩᠰᠢᠯᠭ᠎ᠠ ᠶᠢᠨ ᠬᠦᠴᠦᠨ᠄ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠭᠤᠣᠯ ᠰᠡᠳᠦᠪ ᠎ ᠤᠨ ᠲᠣᠭᠤᠷᠢᠨ ᠳᠤ᠂ ᠤᠯᠠᠨ ᠡᠰᠢᠴᠢᠯᠡᠭᠰᠡᠨ ᠬᠡᠯᠪᠡᠷᠢ ᠪᠠᠷ ᠰᠠᠭᠤᠭᠠᠯᠢ ᠠᠷᠠᠳ ᠢ ᠣᠷᠣᠯᠴᠠᠭᠤᠯᠵᠤ᠂ ᠪᠦᠬᠦ ᠠᠷᠠᠳ ᠎ ᠤᠨ ᠨᠣᠮ ᠤᠩᠰᠢᠬᠤ ᠬᠠᠯᠠᠭᠤᠨ ᠥᠷᠨᠢᠯᠲᠡ ᠶᠢ ᠪᠤᠢ ᠪᠣᠯᠭᠠᠪᠠ᠃       ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠣᠯᠠᠨ ᠢᠶᠠᠷ ᠢᠶᠠᠨ ᠤᠮᠠᠷᠠᠲᠤ ᠬᠢᠯᠢ ᠶᠢᠨ ᠰᠣᠶᠣᠯ ᠤᠨ ᠲᠤᠰᠬᠠᠶ ᠰᠡᠳᠦᠪᠲᠦ ᠤᠬᠠᠭᠤᠯᠭ᠎ᠠ ᠶᠢᠨ ᠹᠢᠯᠢᠮ ᠢ ᠦᠵᠡᠵᠦ᠂ ᠰᠢᠯᠦᠭ ᠳᠠᠭᠤᠯᠠᠯᠴᠢᠳ ᠤᠨ ᠨᠡᠶᠢᠭᠡᠮᠯᠢᠭ ᠤᠨ ᠭᠡᠰᠢᠭᠦᠨ ᠯᠢᠦ ᠳ᠋ᠦᠩ ᠮᠧᠶ ︽ᠨᠣᠮ ᠪᠢᠴᠢᠭ ᠪᠣᠯ ᠮᠢᠨᠣ ᠬᠠᠨᠢ︾ ᠬᠡᠬᠦ ᠭᠤᠤᠯ ᠰᠡᠳᠦᠪ ᠢᠶᠠᠷ ᠨᠣᠮ ᠪᠢᠴᠢᠭ ᠤᠨ ᠰᠢᠮ᠎ᠡ ᠶᠢ ᠭᠦᠨ ᠰᠡᠳᠬᠢᠯᠭᠡ ᠲᠠᠢ ᠶᠠᠷᠢᠵᠠᠢ᠃ ᠭᠡᠰᠢᠭᠦᠨ ᠴᠧᠨ ᠶᠣᠣ ᠴᠢᠤᠸᠠᠨ ᠲᠤᠬᠠᠶ ᠶᠢᠨ ᠲᠠᠯᠠᠪᠠᠶ ᠳᠤ ︽ᠡᠷᠲᠡᠨ ᠤ ᠰᠢᠯᠦᠭ ᠳᠠᠭᠤᠯᠠᠯ ᠳᠠᠬᠢ ᠰᠢᠯᠤᠭᠤᠨ ᠬᠥᠬᠡ ᠬᠤᠰᠢᠭᠤ︾᠎ ᠶᠢ ᠤᠩᠰᠢᠨ ᠲᠠᠶᠢᠯᠪᠤᠷᠢᠯᠠᠵᠤ᠂ ᠭᠡᠰᠢᠭᠦᠨ ᠵᠠᠩ ᠵᠢᠤᠢ ᠯᠢᠨ ︽ᠨᠣᠮ ᠪᠢᠴᠢᠭ ᠪᠤᠯ ᠬᠤᠷᠣᠮᠬᠠᠨ ᠵᠠᠭᠤᠷ᠎ᠠ ᠴᠤ ᠰᠠᠯᠵᠤ ᠪᠣᠯᠤᠰᠢ ᠥᠬᠡᠶ ᠡᠳ᠋ ᠪᠠᠶᠠᠯᠢᠭ︾ ᠭᠡᠬᠦ ᠰᠡᠳᠦᠪ ᠢᠶᠠᠷ ᠣᠷᠭᠢᠯᠤᠮ᠎ᠠ ᠬᠠᠯᠠᠭᠤᠨ ᠶᠠᠷᠢᠶ᠎ᠠ ᠢᠯᠡᠳᠬᠡᠯ ᠬᠢᠵᠠᠢ᠃ ᠡᠬᠦᠨ ᠠᠴᠠ ᠭᠠᠳᠠᠨ᠎ᠠ‌ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ ᠴᠣ᠋ ᠭᠤᠴᠣ ᠰᠠᠶᠢᠬᠠᠨ ᠶᠠᠪᠤᠠᠠᠳᠠᠨ᠂ ︽ᠣᠳᠣᠨ ᠮᠡᠴᠢᠳ ᠢ ᠲᠣᠪᠴᠢᠯᠠᠭᠰᠠᠨ ᠨᠢ︾᠂ ︽ᠲᠡᠷᠢᠭᠦᠯᠡᠭᠴᠢ ᠶᠢᠨ ᠦᠭᠡ ᠵᠢᠷᠣᠬᠡᠨ ᠳᠤ ᠬᠠᠳᠠᠩᠰᠢᠨ᠎ᠠ︾ ᠵᠡᠷᠭᠡ ᠰᠣᠩᠭᠤᠳᠠᠭ ᠪᠦᠲᠦᠭᠡᠯ ᠤᠳ ᠨᠢ ᠤᠷᠠᠯᠢᠭ ᠢᠶᠠᠷ ᠬᠤᠪᠢᠰᠬᠠᠯ ᠤᠨ ᠳᠤᠷᠠᠰᠤᠮᠵᠢ ᠶᠢ ᠬᠠᠷᠠᠭᠤᠯᠵᠠᠢ᠃       ᠲᠣᠰ ᠤᠳᠠᠭᠠᠨ ᠤ ᠭᠤᠤᠯ ᠰᠡᠳᠦᠪᠲᠦ ᠦᠶᠯᠡᠳᠦᠯᠭᠡ ᠶᠢᠨ ᠠᠵᠢᠯᠯᠠᠭ᠎ᠠ ᠨᠢ ᠰᠣᠩᠭᠤᠳᠠᠭ ᠪᠦᠲᠦᠭᠡᠯ ᠢ ᠤᠩᠰᠢᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠬᠠᠷᠢᠯᠴᠠᠨ ᠦᠶᠯᠡᠳᠦᠯᠴᠡᠬᠦ ᠲᠣᠭᠯᠠᠭᠠᠮ ᠢ ᠣᠷᠭᠠᠨᠢᠭ ᠎ ᠢᠶᠠᠷ ᠠᠭᠤᠰᠤᠯᠴᠠᠭᠤᠯᠬᠤ ᠪᠠᠷ ᠳᠠᠮᠵᠢᠭᠤᠯᠤᠨ᠂ ᠪᠥᠬᠦ ᠠᠷᠠᠳ ᠤᠨ ᠨᠣᠮ ᠤᠩᠰᠢᠬᠤ ᠶᠢ ᠲᠠᠶᠢᠴᠢᠯᠠᠬᠰᠡᠨ ᠢᠶᠠᠷ ᠥᠯᠣ ᠪᠠᠷᠠᠮ᠂ ᠨᠠᠩ ᠴᠤ ᠣᠯᠠᠨ ᠲᠦᠮᠡᠨ ᠤ ᠨᠣᠮ ᠤᠩᠰᠢᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠣᠶᠣᠯ ᠴᠡᠴᠡᠭᠯᠡᠨ ᠬᠥᠭᠵᠢᠭᠰᠡᠨ‌ᠦᠵᠡᠰᠬᠦᠯᠡᠩᠲᠦ ᠰᠠᠶᠢᠬᠠᠨ ᠰᠢᠯᠤᠭᠤᠨ ᠬᠥᠬᠡ ᠬᠤᠰᠢᠭᠤ ᠶᠢ ᠪᠥᠲᠥᠭᠡᠨ ᠪᠠᠶᠢᠭᠤᠯᠬᠤ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号