ᠪᠡᠭᠡᠵᠢᠩ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶ᠎ᠠ ᠪᠣᠯᠤᠨ ᠰᠢᠯᠤᠭᠤᠨ | ᠬᠥᠬᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ | ᠲᠡᠳᠬᠦᠬᠦ ᠬᠠᠷᠢᠴᠠᠭ᠎ᠠ ᠪᠠᠶᠢᠭᠤᠯᠤᠭᠰᠠᠨ ᠠᠴᠠ ᠨᠠᠭᠠᠰᠢ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ | ᠬᠤᠷᠢᠶ᠎ᠠ ᠨᠢ ᠵᠢᠷᠦᠬᠡᠨ ᠤ ᠳᠣᠲᠣᠷ ᠰᠠᠯᠠᠭ᠎ᠠ᠂ ᠰᠢᠩᠭᠡᠭᠡᠯᠲᠡ ᠶᠢᠨ ᠰᠠᠯᠠᠭ᠎ᠠ᠂ ᠠᠮᠢᠰᠬᠤᠯ ᠤᠨ ᠰᠠᠯᠠᠭ᠎ᠠ᠂ ᠬᠡᠲᠦ | ᠲᠠᠭᠤᠨ ᠤ ᠰᠠᠯᠠᠭ᠎ᠠ᠂ ᠮᠢᠨᠴᠦᠭᠦᠷᠡᠭᠦᠯᠬᠦ ᠰᠠᠯᠠᠭ᠎ᠠ᠂ ᠪᠥᠭᠡᠷ᠎ᠡ ᠶᠢᠨ ᠳᠣᠲᠣᠷ ᠰᠠᠯᠠᠭ᠎ᠠ ᠵᠡᠷᠭᠡ ᠣᠯᠠᠨ ᠭᠤᠤᠯᠳᠠᠯᠭ᠎ᠠ | ᠲᠠᠢ ᠬᠦᠷᠢᠶᠡᠨ ᠳᠤ ᠮᠠᠨ ᠤ ᠬᠤᠰᠢᠭᠤᠨ ᠳᠤ ᠪᠥᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠬᠠᠪᠰᠤᠷᠤᠨ ᠲᠡᠳᠬᠦᠬᠦ | ᠳᠡᠮᠵᠢᠯᠭᠡ ᠥᠵᠡᠬᠦᠯᠵᠣ᠂ ᠦᠨᠳᠦᠰᠦᠨ ᠱᠠᠲᠤᠨ ᠤ ᠡᠪᠡᠳᠴᠢᠲᠡᠨ ᠳᠤ ᠪᠡᠭᠡᠵᠢᠩ ᠤᠨ ᠲᠤᠰᠬᠠᠶ ᠮᠡᠷᠭᠡᠵᠢᠯᠲᠡᠨ ᠤ | ᠰᠢᠯᠢᠳᠡᠭ ᠡᠮᠨᠡᠯᠭᠡ ᠶᠢᠨ ᠦᠶᠯᠡᠴᠢᠯᠡᠭᠡ ᠶᠢ ᠬᠦᠷᠲᠡᠭᠡᠵᠦ᠂ ᠲᠤᠬᠠᠶ ᠶᠢᠨ ᠭᠠᠵᠠᠷ ᠤᠨ ᠡᠮᠴᠢᠯᠡᠭᠡᠨ ᠤ ᠦᠷ᠎ᠡ | ᠪᠥᠳᠦᠮᠵᠢ ᠢ ᠶᠡᠬᠡᠪᠡᠷ ᠰᠠᠶᠢᠵᠢᠷᠠᠭᠤᠯᠣᠠᠠᠰᠠᠨ ᠪᠠᠶᠢᠨ᠎ᠠ᠃ | ᠣᠶᠢᠷ᠎ᠠ ᠳᠤ᠂ ᠬᠤᠶᠠᠷ ᠲᠠᠯ᠎ᠠ ᠪᠠᠷ ᠢᠶᠠᠨ ᠬᠠᠮᠲᠤᠷᠠᠨ ᠪᠠᠶᠢᠭᠤᠯᠤᠭᠰᠠᠨ ᠬᠦᠵᠦᠭᠦᠦ ᠮᠥᠷᠥ ᠨᠢᠷᠤᠭᠤ ᠬᠦᠯ | ᠣᠨᠡᠮᠴᠢᠯᠡᠬᠦ ᠲᠥᠪ ᠵᠢᠴᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶᠠᠨ ᠤ ᠴᠧᠩ ᠴᠢᠩ | ᠬᠤᠤ ᠳ᠋ᠣᠺᠲ᠋ᠣᠷ ᠤᠨ ᠪᠦᠯᠬᠦᠮ ᠤᠨ ᠠᠵᠢᠯᠯᠠᠬᠤ ᠥᠷᠲᠡᠭᠡ ᠰᠢᠯᠤᠭᠤᠨ ᠬᠥᠬᠡ ᠬᠤᠰᠢᠭᠤᠨ ᠳᠤ ᠵᠢᠩᠬᠢᠨᠢ ᠪᠠᠷ | ᠫᠠᠶᠢᠰᠠ ᠰᠡᠬᠦᠵᠦ ᠪᠠᠶᠢᠭᠤᠯᠣᠠᠠᠳᠠᠯᠠ᠃ | ᠬᠦᠵᠦᠭᠦᠦ ᠮᠥᠷᠥ ᠨᠢᠷᠤᠭᠤ ᠬᠥᠯ ᠡᠪᠡᠳᠬᠦ ᠢᠯᠡᠷᠡᠯ ᠮᠠᠰᠢ ᠣᠯᠠᠨ ᠡᠪᠡᠳᠴᠢᠲᠡᠨ ᠢ ᠭᠠᠴᠢᠭᠳᠠᠭᠤᠯᠵᠤ | ᠪᠠᠶᠢᠳᠠᠭ᠃ ᠡᠨᠡᠬᠦ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡᠶᠢᠨ ᠬᠤᠷᠢᠶ᠎ᠠ ᠠᠴᠠ ᠪᠠᠶᠢᠭᠤᠯᠤᠭᠰᠠᠨ | ᠰᠢᠯᠤᠭᠤᠨ ᠬᠥᠬᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠦᠵᠦᠭᠦᠦ ᠨᠢᠷᠤᠭᠤ ᠬᠥᠯ ᠤᠨ | ᠡᠮᠴᠢᠯᠡᠭᠡᠨ ᠤ ᠲᠥᠪ ᠨᠢ ᠰᠢᠯᠤᠭᠤᠨ ᠬᠥᠬᠡ ᠬᠤᠰᠢᠭᠤᠨ ᠤ ᠭᠠᠵᠠᠷ ᠣᠷᠣᠨ ᠵᠢᠴᠢ ᠡᠷᠬᠢᠨ ᠲᠣᠭᠤᠷᠢᠨ ᠤ ᠬᠤᠰᠢᠭᠤ | ᠰᠢᠶᠠᠨ ᠤ ᠡᠪᠡᠳᠴᠢᠲᠡᠨ ᠳᠤ ᠤᠷᠢᠳᠴᠢᠯᠠᠨ ᠰᠡᠷᠭᠡᠶᠢᠯᠡᠬᠦ᠂ ᠣᠨᠣᠰᠢᠯᠠᠬᠤ᠂ ᠡᠮᠨᠡᠨ ᠵᠠᠰᠠᠬᠤ ᠶᠢ ᠨᠢᠭᠡ | ᠴᠣᠭᠴᠠᠵᠢᠭᠤᠯᠤᠭᠰᠠᠨ ᠵᠢᠷᠤᠮᠵᠢᠭᠰᠠᠨ ᠦᠶᠯᠡᠴᠢᠯᠡᠭᠡ ᠬᠠᠩᠭᠠᠬᠤ ᠪᠣᠯᠤᠨ᠎ᠠ᠃ | ᠲᠣᠰ ᠲᠥᠪ ᠤᠨ ᠬᠠᠮᠢᠶᠠᠷᠤᠯᠲᠠ ᠶᠢᠨ ᠪᠦᠯᠬᠦᠮ ᠨᠢ ᠪᠣᠳᠠᠲᠤ ᠬᠦᠴᠦᠨ ᠲᠠᠢ ᠪᠠᠶᠢᠵᠣ᠂ ᠡᠮᠴᠢᠯᠡᠭᠡᠨ ᠦᠲ᠋ᠥ᠋ᠪ | ᠤᠨ ᠡᠷᠬᠢᠯᠡᠭᠴᠢ ᠶᠢᠨ ᠲᠤᠰᠢᠶᠠᠯ ᠢ ᠰᠢᠯᠤᠭᠤᠨ ᠬᠥᠬᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ | ᠮᠢᠨᠴᠦᠷᠡᠭᠦᠯᠬᠦ ᠰᠠᠯᠠᠭᠠᠨ ᠤ ᠡᠷᠬᠢᠯᠡᠭᠴᠢ ᠵᠣᠣ ᠶᠢᠨ ᠷᠦᠩ ᠡᠬᠦᠷᠬᠡᠯᠡᠨ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ | ᠡᠮᠨᠡᠯᠭᠡ ᠶᠢᠨ ᠬᠤᠷᠢᠶᠠᠨ ᠤ ᠴᠧᠩ ᠴᠢᠩ ᠬᠤᠤ ᠲᠤᠬᠠᠶᠢᠯᠠᠭᠰᠠᠨ ᠠᠵᠢᠯ ᠤᠨ ᠡᠷᠬᠢᠯᠡᠭᠴᠢ ᠶᠢᠨ ᠲᠤᠰᠢᠶᠠᠯ ᠢ | ᠡᠭᠦᠷᠭᠡᠯᠡᠵᠦ᠂ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠨᠢᠭᠡᠳᠦᠯᠲᠡᠶ | ᠲᠥᠯᠥᠪᠯᠡᠨ ᠵᠢᠯᠣᠭᠤᠳᠴᠦ᠂ ᠡᠯᠪᠡᠭ ᠪᠠᠶᠠᠯᠢᠭ ᠡᠮᠴᠢᠯᠡᠭᠡᠨ ᠤ ᠲᠤᠷᠰᠢᠯᠭ᠎ᠠ ᠪᠠ ᠲᠤᠰᠬᠠᠢ ᠮᠡᠷᠭᠡᠵᠢᠯ ᠤᠨ ᠮᠡᠳᠡᠯᠭᠡ | ᠪᠠᠷ ᠢᠶᠠᠨ ᠡᠪᠡᠥᠠᠴᠢᠳᠡᠨ ᠤᠯᠠᠨ ᠳᠤ ᠦᠢᠯᠡᠴᠢᠯᠡᠬᠦ ᠪᠤᠯᠥᠨ᠎ᠠ᠃ | ᠫᠠᠶᠢᠰᠠ ᠢᠯᠡᠷᠭᠡᠶᠢᠯᠡᠯ ᠰᠡᠬᠦᠬᠦ ᠬᠤᠭᠤᠴᠠᠭᠠᠨ ᠳᠤ᠂ ᠴᠧᠩ ᠴᠢᠩ ᠬᠤᠤ ᠡᠷᠬᠢᠯᠡᠭᠴᠢ ᠰᠢᠯᠤᠭᠤᠨ ᠬᠦᠬᠡ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ | ᠰᠡᠳᠬᠢᠯᠭᠡ ᠪᠣᠯᠤᠨ ᠦᠶᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠡᠪᠡᠳᠴᠢᠲᠡᠨ ᠤ ᠡᠪᠡᠳᠴᠢᠨ ᠤ ᠪᠠᠶᠢᠳᠠᠯ ᠢ | ᠨᠠᠷᠢᠨ ᠬᠢᠨᠠᠮᠠᠭᠠᠢ ᠰᠣᠨᠣᠰᠴᠤ᠂ ᠨᠠᠷᠢᠨ ᠠᠰᠠᠭᠤᠵᠤ᠂ ᠲᠡᠳᠡᠨ ᠤ ᠠᠰᠠᠭᠤᠯᠲᠠ ᠨᠢᠭᠡᠪᠦᠷᠢ ᠳᠤ ᠬᠦᠯᠢᠴᠡᠩᠭᠦᠢ | ᠬᠠᠷᠢᠭᠤᠯᠲᠠ ᠦᠭᠴᠠᠢ᠃ ᠲᠡᠷᠡᠠᠳᠠᠯᠢ ᠪᠤᠰᠤ ᠡᠪᠡᠳᠴᠢᠲᠡᠨ ᠤ ᠪᠣᠳᠠᠲᠠᠶ ᠪᠠᠶᠢᠳᠠᠯ ᠳᠤ ᠴᠢᠭᠯᠡᠭᠦᠯᠦᠨ᠂ ᠥᠪᠡᠷᠮᠢᠴᠡ | ᠣᠨᠣᠰᠢᠯᠠᠨ ᠡᠮᠨᠡᠬᠦ ᠲᠥᠰᠦᠯ ᠢ ᠨᠠᠷᠢᠨ ᠨᠢᠮᠪᠠᠶ ᠲᠣᠭᠲᠠᠭᠠᠵᠤ᠂ ᠡᠪᠡᠳᠴᠢᠨ ᠳᠤᠨᠢ ᠲᠣᠬᠢᠷᠠᠭᠤᠯᠤᠨ ᠡᠮ ᠦᠭᠴᠦ | ᠪᠠᠶᠢᠯ᠎ᠠ᠃ ᠡᠪᠡᠳᠴᠢᠳᠡᠨ ᠬᠡᠯᠡᠬᠦ ᠳᠡᠭᠡᠨ᠄ ︽ᠴᠧᠩ ᠡᠮᠴᠢ ᠮᠠᠰᠢ ᠨᠠᠷᠢᠨ ᠲᠠᠶᠢᠯᠪᠤᠷᠢᠯᠠᠵᠤ᠂ ᠪᠢ ᠡᠪᠡᠳᠴᠢᠨ ᠤ | ᠪᠠᠶᠢᠳᠠᠯ ᠢᠶᠠᠨ ᠪᠦᠬᠦ ᠲᠠᠯ᠎ᠠ ᠪᠠᠷ ᠣᠶᠢᠯᠠᠭᠠᠵᠤ ᠮᠡᠳᠡᠭᠰᠡᠡ ᠪᠥᠭᠡᠥᠨ ᠡᠮᠴᠢᠯᠡᠬᠡᠨ ᠤ ᠴᠠᠭ ᠪᠣᠯᠤᠨ ᠵᠠᠷᠤᠳᠠᠯ ᠢᠶᠠᠨ | ᠴᠤ᠋ᠠᠷᠪᠢᠯᠠᠭᠰᠠᠨ ᠪᠠᠶᠢᠨ᠎ᠠ︾ ᠬᠡᠯᠡ᠃ ᠪᠠᠰᠠ ᠨᠢᠭᠡᠨ ᠬᠦᠨᠳᠦ ᠴᠢᠨᠠᠷᠳᠠᠢ ᠬᠦᠵᠦᠭᠦᠦ ᠰᠡᠭᠡᠷ ᠤᠨ ᠡᠪᠡᠳᠴᠢᠨ ᠢᠶᠠᠷ | ᠲᠤᠳᠤᠯᠬᠠᠳ᠋ᠬᠠᠰᠠᠠ ᠡᠪᠡᠳᠴᠢᠲᠡᠨ ᠳᠤ᠂ ᠴᠧᠩ ᠴᠢᠩ ᠬᠤᠤ ᠡᠷᠬᠢᠯᠡᠭᠴᠢ ᠲᠡᠷᠡ ᠳᠠᠷᠤᠢ ᠳᠤᠨᠢ ᠬᠠᠷᠢᠯᠴᠠᠬᠤ ᠠᠷᠭ᠎ᠠ | ᠪᠠᠨ ᠦᠯᠡᠳᠡᠭᠡᠵᠦ᠂ ᠡᠪᠡᠥᠠᠴᠢᠳᠡᠨ ᠲᠠᠢ ᠬᠠᠮᠳᠤ ᠪᠤᠴᠠᠬᠤ ᠪᠠᠷ ᠲᠥᠯᠥᠪᠯᠡᠵᠤ᠂ ᠪᠡᠭᠡᠵᠢᠩ ᠳᠤ ᠮᠡᠰᠡ ᠵᠠᠰᠠᠯ ᠬᠢᠬᠦ ᠪᠠᠷ | ᠲᠤᠬᠢᠷᠠᠭᠤᠯᠵᠤ ᠥᠭᠪᠡ᠃ ᠡᠨᠡ ᠬᠦ ᠲᠥᠬᠦᠮ ᠲᠥᠳᠡ ᠠᠷᠭ᠎ᠠᠵᠠᠮ ᠨᠢ ᠡᠪᠡᠳᠴᠢᠲᠡᠨ ᠢ ᠠᠪᠤᠷᠠᠨ ᠵᠠᠰᠠᠬᠤ ᠬᠦᠴᠦᠨ | ᠲᠠᠢ ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠭᠰᠠᠨ ᠢᠶᠠᠷ ᠪᠠᠷᠠᠬᠤ ᠥᠭᠡᠢ ᠰᠡᠥᠠᠬᠢᠯ ᠰᠠᠨᠠᠭᠠᠨ | ᠳᠤᠨᠢ ᠬᠠᠯᠠᠭᠤᠨ ᠲᠤᠯᠠᠭᠠᠨ ᠲᠥᠰᠢᠭ ᠪᠤᠯᠤᠠᠠᠰᠠᠠᠪᠠᠶᠢᠨᠠ᠃ | ᠴᠧᠩ ᠴᠢᠩ ᠬᠤᠤ ᠡᠮᠴᠢ ᠶᠢᠨ ᠲᠠᠨᠢᠯᠴᠠᠭᠤᠯᠤᠭᠰᠠᠨ ᠢᠶᠠᠷ᠄ ︽ᠡᠪᠡᠳᠣᠯᠳᠠ ᠶᠢᠨ ᠰᠠᠯᠠᠭᠠᠨ ᠤ ᠡᠮᠨᠡᠨ ᠵᠠᠰᠠᠬᠤ | ᠬᠦᠷᠢᠶ᠎ᠡ ᠬᠡᠪᠴᠢᠶ᠎ᠡ ᠥᠷᠭᠡᠨ ᠪᠠᠶᠢᠵᠤ᠂ ᠭᠤᠣᠯᠳᠠᠭᠤ ᠬᠦᠵᠦᠭᠦᠦ ᠮᠥᠷᠥ ᠡᠪᠡᠳᠬᠦ᠂ ᠪᠦᠰᠡᠯᠡᠭᠦᠷ ᠰᠡᠭᠡᠷ ᠤᠨ | ᠭᠤᠤᠷᠰᠤ ᠨᠠᠷᠢᠰᠬᠤ᠂ ᠪᠦᠰᠡᠯᠡᠭᠦᠷ ᠨᠢᠷᠤᠭᠤᠨ ᠤ ᠰᠡᠭᠡᠷ ᠤᠨ ᠲᠠᠪᠠᠭ ᠳᠣᠪᠣᠶᠢᠬᠤ ᠵᠡᠷᠭᠡ ᠡᠪᠡᠳᠴᠢᠨ ᠳᠤ | ᠴᠢᠭᠯᠡᠭᠦᠯᠵᠦ ᠪᠠᠶᠢᠳᠠᠭ᠃ ᠲᠣᠰ ᠤᠳᠠᠭᠠᠨ ᠤ ᠬᠠᠮᠲᠤᠷᠠᠯᠴᠠᠭ᠎ᠠ ᠨᠢ ᠠᠯᠤᠰ ᠬᠡᠲᠦ ᠶᠢᠨ ᠠᠴᠢ ᠬᠤᠯᠪᠣᠭᠳᠠᠯ ᠲᠠᠢ | ᠪᠠᠶᠢᠵᠤ᠂ ᠡᠮᠴᠢᠯᠡᠭᠡᠨ ᠤ ᠮᠡᠷᠭᠡᠵᠢᠯ ᠢ ᠦᠨᠳᠦᠰᠦᠨ ᠱᠠᠲᠤᠨ ᠳᠤ ᠰᠢᠯᠵᠢᠭᠦᠯᠦᠭᠰᠡᠨ ᠢᠶᠠᠷ ᠪᠠᠷᠠᠬᠤ ᠥᠬᠡᠶ᠂ ᠪᠠᠰᠠ | ᠰᠠᠯᠠᠭ᠎ᠠ ᠲᠠᠰᠤᠭ ᠤᠨ ᠪᠠᠶᠢᠭᠤᠯᠤᠯᠲᠠ᠂ ᠡᠮᠴᠢ ᠶᠢᠨ ᠪᠣᠯᠪᠠᠰᠣᠷᠠᠯ᠂ ᠡᠵᠡᠩᠨᠡᠯᠲᠡ ᠬᠠᠮᠢᠶᠠᠷᠤᠯᠲᠠ ᠵᠢᠴᠢ ᠰᠦᠯᠵᠢᠶᠡᠨ | ᠳᠡᠭᠡᠷ᠎ᠡ ᠣᠨᠣᠰᠢᠯᠠᠨ ᠵᠠᠰᠠᠬᠤ ᠵᠡᠷᠭᠡ ᠣᠯᠠᠨ ᠴᠢᠬᠤᠯᠠ ᠲᠠᠯ᠎ᠠ ᠶᠢ ᠬᠠᠮᠤᠷᠴᠠᠶ︾ ᠬᠡᠯᠡ᠃ | ᠲᠣᠰ ᠲᠥᠪ ᠤᠨ ᠣᠨᠣᠰᠢᠯᠠᠨ ᠡᠮᠨᠡᠬᠦ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠪᠠᠴᠢᠮ ᠪᠠᠶᠢᠳᠠᠯ ᠢ | ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶᠠᠨ ᠤ ᠡᠪᠡᠳᠣᠯᠳᠠ ᠶᠢᠨ ᠰᠠᠯᠠᠭᠠᠨ ᠤ ᠲᠤᠰᠬᠠᠶ ᠮᠡᠷᠭᠡᠵᠢᠯᠲᠡᠨ ᠤ | ᠪᠦᠯᠬᠦᠮ ᠨᠢ ᠨᠠᠷᠢᠨ ᠨᠢᠮᠪᠠᠶ ᠣᠨᠣᠰᠢᠯᠠᠨ ᠡᠮᠨᠡᠬᠦ ᠲᠥᠯᠥᠪᠯᠡᠭᠡ ᠲᠣᠠᠠᠳᠠᠭᠠᠵᠦ᠂ ᠲᠡᠳᠡ ᠰᠠᠷ᠎ᠠ ᠪᠦᠷᠢ ᠰᠢᠯᠤᠭᠤᠨ | ᠬᠥᠬᠡ ᠬᠤᠰᠢᠭᠤᠨ ᠳᠤ ᠢᠷᠡᠵᠤ ᠡᠪᠡᠳᠴᠢᠨ ᠦᠵᠡᠵᠦ᠂ ᠤᠳᠠᠭ᠎ᠠ ᠪᠦᠷᠢ 2 —4 ᠡᠳᠦᠷ ᠡᠮᠴᠢᠯᠡᠭᠡ ᠬᠢᠵᠤ᠂ | ᠡᠮᠴᠢᠯᠡᠭᠡᠨ ᠤ ᠬᠤᠭᠤᠴᠠᠭᠠᠨ ᠳᠤ᠂ ᠲᠤᠰᠬᠠᠶ ᠮᠡᠷᠭᠡᠵᠢᠯᠲᠡᠳ ᠬᠦᠴᠢᠷ ᠲᠦᠪᠡᠭᠲᠡᠶ ᠡᠪᠡᠳᠴᠢᠨ ᠤ ᠵᠢᠱᠢᠶ᠎ᠡ ᠶᠢ | ᠬᠠᠮᠲᠤᠷᠠᠨ ᠣᠨᠣᠰᠢᠯᠠᠬᠤ᠂ ᠮᠡᠰᠡ ᠵᠠᠰᠠᠯ ᠤᠨ ᠵᠢᠯᠣᠭᠤᠳᠣᠯᠭ᠎ᠠ ᠵᠢᠴᠢ ᠮᠡᠷᠭᠡᠵᠢᠯ ᠤᠨ ᠪᠣᠯᠪᠠᠰᠤᠷᠠᠯ ᠵᠡᠷᠭᠡ ᠠᠵᠢᠯ ᠢ | ᠥᠷᠨᠢᠭᠦᠯᠵᠦ᠂ ᠲᠡᠷᠢᠭᠦᠨ ᠤ ᠡᠮᠴᠢᠯᠡᠭᠡᠨ ᠤ ᠮᠡᠷᠭᠡᠵᠢᠯ ᠪᠣᠯᠤᠨ ᠲᠤᠷᠰᠢᠯᠭ᠎ᠠ ᠶᠢ ᠲᠤᠬᠠᠶ ᠶᠢᠨ ᠭᠠᠵᠠᠷ ᠤᠨ ᠡᠮᠴᠢ ᠳᠤ | ᠣᠯᠠᠮᠵᠢᠯᠠᠵᠦ᠂ ᠡᠳᠦᠷ ᠲᠤᠲᠤᠮ ᠤᠨ ᠣᠨᠣᠰᠢᠯᠠᠨ ᠡᠮᠨᠡᠬᠦ ᠶᠠᠪᠤᠴᠠ ᠳᠤ᠂ ᠬᠤᠶᠠᠷ ᠲᠠᠯ᠎ᠠ ᠪᠠᠷ ᠢᠶᠠᠨ ᠠᠯᠤᠰ ᠠᠴᠠ | ᠬᠠᠮᠲᠤᠷᠠᠨ ᠣᠨᠣᠰᠢᠯᠠᠬᠤ᠂ ᠲᠣᠭᠤᠷᠢᠨ ᠪᠠᠶᠢᠴᠠᠭᠠᠯᠲᠠ ᠬᠢᠬᠦ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ | ᠵᠡᠷᠭᠡ ᠣᠯᠠᠨ ᠵᠦᠶᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠨᠢᠭᠲᠠ ᠵᠣᠯᠭᠠᠯᠴᠠᠬᠤ ᠶᠢ ᠪᠡᠶᠡᠯᠡᠭᠦᠯᠵᠦ᠂ | ᠡᠪᠡᠳᠴᠢᠲᠡᠨ ᠤ ᠦᠷᠭᠦᠯᠵᠢᠯᠡᠨ ᠥᠨᠳᠥᠷ ᠪᠦᠲᠦᠮᠵᠢᠲᠡᠶ ᠡᠮᠴᠢᠯᠡᠭᠡᠨ ᠤ ᠦᠶᠯᠡᠴᠢᠯᠡᠭᠡ ᠭᠥᠷᠳᠡᠬᠦ ᠶᠢ ᠦᠨᠡᠨ ᠬᠦ | ᠪᠡᠶᠡᠯᠡᠬᠦᠯᠵᠤ ᠪᠠᠶᠢᠨ᠎ᠠ᠃ | ᠣᠶᠢᠷ᠎ᠠ ᠶᠢᠨ ᠵᠢᠯ ᠠᠴᠠ ᠨᠠᠭᠠᠰᠢ᠂ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶ᠎ᠠ | ᠬᠠᠪᠰᠤᠷᠤᠨ ᠲᠡᠳᠬᠦᠬᠦ ᠣᠭ ᠰᠠᠨᠠᠭ᠎ᠠ ᠪᠠᠨ ᠪᠠᠷᠢᠮᠲᠠᠯᠠᠵᠤ᠂ ᠪᠥᠬᠦ ᠲᠠᠯ᠎ᠠ ᠶᠢᠨ ᠬᠠᠪᠰᠤᠷᠤᠨ ᠲᠡᠳᠬᠦᠬᠦ ᠠᠯᠢ ᠣᠯᠠᠨ | ᠠᠷᠭ᠎ᠠ ᠬᠡᠮᠵᠢᠶ᠎ᠡ ᠠᠪᠴᠦ᠂ ᠲᠠᠳᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠮᠡᠷᠭᠡᠵᠢᠯᠲᠡᠨ ᠤ ᠪᠦᠯᠬᠦᠮ | ᠲᠣᠮᠢᠯᠠᠨ ᠰᠢᠯᠤᠭᠤᠨ ᠬᠥᠬᠡ ᠬᠤᠰᠢᠭᠤᠨ ᠳᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠬᠢᠯᠭᠡᠵᠤ ᠪᠠᠶᠢᠨ᠎ᠠ᠂ ᠡᠲᠡᠭᠡᠷ | ᠠᠯᠢ ᠣᠯᠠᠨ ᠪᠦᠲᠦᠮᠵᠢᠲᠡᠶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠢᠯᠤᠭᠤᠨ ᠬᠥᠬᠡ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠶᠯᠡᠴᠢᠯᠡᠭᠡᠨ ᠤ ᠴᠢᠳᠠᠪᠤᠷᠢ ᠪᠠ ᠬᠢᠷᠢ | ᠲᠦᠪᠰᠢᠨ ᠢᠯᠡᠳᠲᠡ ᠲᠡᠭᠡᠭᠰᠢᠯᠡᠵᠦ᠂ ︽ᠪᠡᠭᠡᠵᠢᠩ ᠤᠨ ᠲᠤᠰᠬᠠᠶ ᠮᠡᠷᠭᠡᠵᠢᠯᠲᠡᠨ ᠮᠡᠰᠡ ᠵᠠᠰᠠᠯ ᠬᠢᠬᠦ︾ ᠨᠢ | ᠥᠨᠳᠣᠰᠣᠨ ᠱᠠᠳᠣᠨ ᠤ ᠡᠪᠡᠳᠴᠢᠲᠡᠨ ᠳᠤ ᠨᠢᠭᠡᠨᠲᠡ ᠪᠣᠳᠠᠲᠤ ᠠᠬᠤᠶ ᠪᠤᠯᠵᠠᠢ᠃ ᠡᠨᠡ ᠨᠢ ᠡᠪᠡᠳᠴᠢᠲᠡᠨ ᠤ | ᠡᠪᠡᠳᠴᠢᠨ ᠦᠵᠡᠭᠦᠯᠬᠦ ᠣᠶᠢᠯᠠᠭᠠᠯᠲᠠ ᠶᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠡᠷᠡᠭᠦᠯ ᠡᠩᠬᠡ ᠰᠢᠯᠤᠭᠤᠨ | ᠬᠥᠬᠡ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠯᠤᠭᠤᠨ ᠬᠥᠬᠡ ᠬᠤᠰᠢᠭᠤᠨ ᠤ ᠠᠷᠠᠳ | ᠲᠦᠮᠡᠨ ᠤ ᠡᠷᠡᠭᠦᠯ ᠮᠡᠨᠳᠦ ᠳᠤ ᠪᠠᠳᠣᠯᠠᠭ᠎ᠠ ᠬᠠᠨᠭ᠍ᠭᠠᠬᠰᠡᠨ ᠪᠠᠶᠢᠨ᠎ᠠ᠃ | |