ᠰᠢᠯᠤᠭᠤᠨ ᠬᠥᠬᠡ ᠬᠤᠰᠢᠭᠤᠨ ᠤ ᠤᠯᠠᠭᠠᠨ ᠪᠦᠴᠡᠳᠡᠨ ᠤ ᠶᠠᠷᠢᠶ᠎ᠠ ᠢᠯᠡᠥᠠᠭᠡᠯ ᠤᠨ ᠤᠷᠤᠯᠳᠤᠭᠠᠨ ᠶᠠᠪᠤᠠᠠᠳᠠᠯ᠎ᠠ
ᠨᠡᠶᠢᠲᠡᠯᠡᠭᠰᠡᠨ ᠴᠠᠭ᠄
2025/4/24
       ᠪᠠᠭᠠᠴᠤᠳ ᠤᠨ ᠬᠤᠰᠢᠭᠤᠴᠢ ᠠᠩᠭᠢ ᠶᠢᠨ ᠦᠶᠯᠡᠳᠦᠯᠭᠡ ᠪᠠᠷ ᠬᠥᠮᠦᠨ ᠬᠥᠮᠦᠵᠢᠭᠦᠯᠬᠦ ᠦᠷ᠎ᠡ ᠪᠦᠲᠦᠮᠵᠢ ᠎ ᠶᠢ ᠭᠦᠨᠵᠡᠭᠡᠶᠢᠷᠡᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠤᠰᠠᠳᠠ 4 ᠰᠠᠷ᠎ᠠ ᠶᠢᠨ 21᠎ ᠤ ᠡᠳᠦᠷ᠂ ᠰᠢᠯᠤᠭᠤᠨ ᠬᠥᠬᠡ ᠬᠤᠰᠢᠭᠤᠨ ᠤ ᠡᠪᠯᠡᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠭᠠᠴᠤᠳ ᠤᠨ ᠬᠤᠰᠢᠭᠤᠴᠢ ᠠᠩᠬᠢ ᠵᠢᠨ‌ᠠᠵᠢᠯ ᠤᠨ ᠵᠥᠪᠯᠡᠯ ᠬᠠᠮᠲᠤᠷᠠᠨ ᠡᠷᠭᠢᠯᠡᠭᠰᠡᠨ ︽ᠤᠯᠠᠭᠠᠨ ᠪᠥᠴᠡᠲᠡᠨ ᠨᠠᠮ ᠢᠶᠠᠨ ᠬᠦᠷᠢᠶᠡᠯᠡᠵᠦ ᠤᠮᠠᠷᠠᠲᠤ ᠬᠢᠯᠢ ᠪᠠᠨ ᠮᠠᠭᠲᠠᠨ ᠲᠠᠭᠤᠯᠠᠶ᠎ᠠ ᠤᠯᠠᠭᠠᠨ ᠪᠦᠴᠡᠳᠡᠨ ᠤ ᠶᠠᠷᠢᠶ᠎ᠠ‌ᠢᠯᠡᠥᠭᠡᠯ ᠤᠨ ᠤᠷᠤᠯᠳᠤᠭᠠᠨ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠲᠤ ᠶᠠᠪᠤᠠᠠᠳᠠᠪᠠ᠃      ᠲᠣᠰ ᠤᠳᠠᠭᠠᠨ ᠤ ᠤᠷᠤᠯᠳᠤᠭᠠᠨ ᠨᠢ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠯᠠᠭᠠᠨ ᠪᠦᠴᠡᠳᠡᠨ ᠤ ᠲᠠᠶᠢᠯᠪᠤᠷᠢᠯᠠᠭᠴᠢ︾ ᠎ ᠶᠢᠨ ᠦᠶᠯᠡᠳᠦᠯᠭᠡ ᠶᠢᠨ ᠠᠴᠢᠶᠠᠯᠠᠪᠤᠷᠢ ᠳᠤ ᠲᠦᠰᠢᠭᠯᠡᠨ᠂ ᠵᠠᠯᠠᠭᠤᠴᠤᠳ ᠪᠠᠭᠠᠴᠤᠳ ᠤᠨ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠳᠤᠮᠳᠠᠳᠤ ᠤᠯᠤᠰ ᠤᠨ ᠥᠯᠢᠭᠡᠷ ᠢ ᠶᠠᠷᠢᠬᠤ ᠎ ᠳᠤ ᠵᠢᠯᠤᠭᠤᠳᠤᠮᠵᠢ ᠪᠤᠯᠭᠠᠵᠠᠢ᠃ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠡᠶᠢᠲᠡ 8 ᠰᠤᠷᠭᠠᠭᠤᠯᠢ ᠶᠢᠨ 16 ᠨᠡᠷ᠎ᠡ ᠰᠢᠯᠢᠳᠡᠭ ᠲᠠᠶᠢᠯᠪᠤᠷᠢᠯᠠᠭᠴᠢ ᠰᠢᠢᠳᠪᠦᠷᠢᠲᠦ ᠤᠷᠤᠯᠳᠤᠭᠠᠨ ᠳᠤ ᠤᠷᠤᠯᠴᠠᠵᠠᠢ᠃     ᠠᠬᠤᠢ ᠲᠠᠯᠠᠪᠠᠢ ᠲᠤ᠂ ᠲᠠᠶᠢᠯᠪᠤᠷᠢᠯᠠᠭᠴᠢ ᠠᠴᠠ ᠴᠡᠪᠡᠷ ᠲᠣᠳᠣ ᠡᠷᠡᠰ ᠪᠠᠲᠤ ᠥᠬᠡ ᠶᠠᠷᠢᠶ᠎ᠡ ᠪᠠᠷ ᠲᠡᠦᠬᠡ ᠰᠣᠶᠣᠯ ᠢᠷᠭᠡᠨᠰᠢᠯ᠂ ᠦᠨᠳᠦᠰᠦᠲᠡᠨ ᠤ ᠪᠦᠯᠬᠦᠮᠳᠡᠯ ᠤᠨ ᠦᠯᠢᠬᠡᠷ ᠪᠣᠯᠤᠨ ᠨᠤᠲᠤᠭ ᠤᠨ ᠢᠶᠠᠨ ᠬᠥᠭᠵᠢᠯᠲᠡ ᠬᠤᠪᠢᠷᠠᠯ ᠤᠨ ᠰᠢᠨ᠎ᠡ ᠳᠦᠷᠰᠦ ᠪᠠᠶᠢᠳᠠᠯ ᠢ ᠶᠠᠷᠢᠵᠦ᠂ ᠲᠤᠬᠠᠶ ᠶᠢᠨ ᠲᠠᠯᠠᠪᠠᠶ ᠵᠢᠨ‌ᠦᠵᠡᠭᠴᠢᠥᠨ ᠤᠨ ᠬᠠᠯᠠᠭᠤᠨ ᠠᠯᠠᠭ᠎ᠠ ᠲᠡᠰᠢᠯᠲᠡ ᠶᠢ ᠬᠦᠷᠳᠡᠵᠤ ᠪᠠᠶᠢᠯ᠎ᠠ᠃     ᠤᠷᠤᠯᠳᠤᠭᠠᠨ ᠨᠢ ᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠢᠴᠢᠬᠠᠨ ᠨᠥᠬᠦᠳ‌ᠨᠠᠷ ᠤᠨ ︽ᠪᠠᠶᠠᠰᠬᠤᠯᠠᠩᠲᠤ ᠪᠥᠵᠢᠭ︾᠂ ︽ᠤᠯᠠᠭᠠᠨ ᠪᠥᠴᠡᠲᠡᠨ︾ ᠰᠢᠯᠦᠭ ᠢᠶᠠᠷ ᠠᠮᠵᠢᠯᠳᠠᠳᠠᠢ ᠦᠨᠳᠦᠷᠯᠡᠵᠦ᠂ ᠬᠤᠷᠴᠠ ᠰᠢᠷᠦᠬᠦᠨ ᠥᠷᠢᠰᠦᠯᠳᠦᠭᠡᠨ‌‍ᠢᠶ᠋ᠠᠷ‌‍ᠰᠢᠯᠭᠠᠷᠬᠠᠰᠠᠠ‌ᠨᠢᠭᠡᠳᠦᠭᠡᠷ‌ᠨᠡᠷ᠎ᠡ᠂ᠬᠤᠶᠠᠳᠤᠭᠠᠷ‌ᠨᠡᠷ᠎ᠡ  ᠂ᠭᠤᠷᠪᠠᠳᠤᠭᠠᠷ ᠨᠡᠷ᠎ᠡ‌ᠣᠷᠣᠯᠴᠬᠠᠴᠢ ᠶᠢ ᠤᠷᠮᠠᠰᠢᠭᠤᠯᠥᠨ ᠱᠠᠩᠨᠠᠵᠠᠢ᠃ ᠡᠨᠡ ᠬᠦ ᠬᠦᠨ ᠵᠣᠵᠠᠭᠠᠨ ᠰᠣᠶᠣᠯ ᠤᠨ ᠠᠭᠤᠯᠣᠠᠠᠳᠠᠬᠤᠨ ᠪᠠ ᠪᠠᠭᠠᠴᠤᠳ ᠤᠨ ᠴᠤᠭ ᠰᠦᠯᠳᠡ ᠶᠢ ᠬᠤᠤᠰᠯᠠᠭᠤᠯᠤᠭᠰᠠᠨ ᠤᠷᠤᠯᠳᠤᠭᠠᠨ ᠨᠢ ᠨᠢᠭᠡ ᠤᠳᠠᠭᠠᠨ ᠤ ᠤᠯᠤᠰ ᠢᠶᠠᠨ ᠬᠠᠶᠢᠷᠠᠯᠠᠬᠤ ᠬᠥᠮᠦᠵᠢᠯ ᠤᠨ ᠬᠢᠴᠢᠶᠡᠯ ᠪᠣᠯᠵᠣ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠦᠶᠯᠡᠳᠦᠯᠭᠡ ᠶᠢᠨ ᠳᠤᠮᠳᠠ ᠰᠣᠶᠣᠯ ᠤᠨ ᠲᠠᠨᠢᠯᠲᠠ ᠪᠠᠨ ᠭᠦᠨᠵᠡᠭᠡᠶᠢᠷᠡᠭᠦᠯᠵᠦ᠂ ᠡᠬᠡ ᠣᠷᠣᠨᠴᠢ ᠬᠠᠶᠢᠷ᠎ᠠ ᠰᠡᠳᠬᠢᠯᠭᠡ ᠪᠠᠨ ᠵᠣᠵᠠᠭᠠᠳᠬᠠᠨ᠂ ᠰᠣᠶᠣᠯ ᠤᠨ ᠢᠲᠡᠭᠡᠯ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠥᠭᠰᠡᠡ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号