ᠢᠳᠡᠭᠡᠨ ᠤ ᠠᠮᠤᠷ ᠲᠦᠪᠰᠢᠨ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠤᠤᠯ | ᠭᠤᠭᠴᠤᠭ᠎ᠠ ᠪᠤᠯᠤᠭᠰᠠᠨ ᠤ ᠬᠤᠪᠢ ᠳᠤ ᠢᠮᠠᠬᠳᠠ ᠨᠡᠶᠢᠭᠡᠮ ᠤᠨ ᠠᠩᠬᠠᠷᠤᠯ ᠤᠨ ᠲᠥᠪ ᠪᠤᠯᠵᠤ ᠪᠠᠶᠢᠳᠠᠭ᠃ | ᠰᠢᠯᠤᠭᠤᠨ ᠬᠥᠬᠡ ᠬᠤᠰᠢᠭᠤ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠬᠠᠮᠢᠶᠠᠷᠤᠯᠳᠠ ᠶᠢ | ᠴᠢᠩᠭᠠᠳᠬᠠᠵᠤ᠂ ᠪᠥᠬᠦ ᠶᠠᠪᠤᠴᠠ ᠳᠤ ᠨᠠᠷᠢᠯᠢᠭᠵᠢᠭᠤᠯᠤᠨ ᠬᠠᠮᠢᠶᠠᠷᠬᠤ ᠪᠠᠷ ᠳᠠᠮᠵᠢᠭᠤᠯᠤᠨ ᠠᠮᠤᠷ ᠲᠦᠪᠰᠢᠨ᠂ | ᠰᠢᠮ᠎ᠡ ᠳᠡᠵᠢᠭᠡᠯ ᠠᠮᠳᠠ ᠰᠢᠮᠳᠠ ᠲᠠᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠤ ᠤᠷᠴᠢᠨ ᠲᠤᠭᠤᠷᠢᠨ | ᠢ ᠪᠤᠢ ᠪᠤᠯᠭᠠᠭᠰᠠᠨ ᠪᠠᠶᠢᠨ᠎ᠠ᠃ | ᠰᠢᠯᠤᠭᠤᠨ ᠬᠥᠬᠡ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠳᠤᠭᠤᠭᠠᠨ ᠭᠡᠷ ᠲᠤ᠂ | ᠠᠵᠢᠯᠳᠠᠳ ᠨᠢᠭᠡᠳᠦᠯᠳᠡᠢ ᠠᠵᠢᠯ ᠤᠨ ᠬᠤᠪᠴᠠᠰᠤ ᠪᠠᠨ ᠡᠮᠦᠰᠦᠨ᠂ ᠰᠤᠷᠭᠠᠭᠤᠯᠢ ᠶᠢᠨ ᠬᠦᠷᠢᠶᠠᠨ ᠤ ᠬᠤᠭᠤᠯᠠ | ᠤᠮᠳᠠᠭᠠᠨ ᠤ ᠪᠠᠷᠢᠮᠵᠢᠶᠠᠵᠢᠭᠤᠯᠤᠭᠰᠠᠨ ᠶᠠᠪᠤᠴᠠ ᠶᠤᠰᠤᠭᠠᠷ ᠰᠤᠷᠤᠭᠴᠢᠳ ᠤᠨ ᠬᠤᠭᠤᠯᠠ ᠤᠮᠳᠠ ᠶᠢ ᠪᠡᠯᠡᠳᠭᠡᠨ᠎ᠡ᠃ | ᠴᠢᠬᠤᠯᠠ ᠲᠠᠢ ᠦᠶᠡᠰ ᠪᠠᠶᠢᠴᠠᠭᠠᠨ ᠰᠢᠯᠭᠠᠬᠤ ᠳᠤ ᠲᠦᠭᠦᠮ ᠪᠤᠯᠭᠠᠬᠤ ᠶᠢᠨ ᠲᠤᠰᠠᠳᠠ ᠬᠥᠷᠥᠭᠡᠭᠦᠷ ᠲᠤ ᠲᠤᠰ | ᠡᠳᠦᠷ ᠤᠨ ᠬᠤᠭᠤᠯᠠ ᠪᠤᠳᠠᠭ᠎ᠠ ᠶᠢ ᠲᠤᠭᠳᠠᠭᠠᠯ ᠶᠣᠰᠣᠭᠠᠷ 48 ᠴᠠᠭ ᠦᠯᠡᠳᠡᠭᠡᠨ ᠬᠠᠳᠠᠭᠠᠯᠠᠵᠤ ᠳᠠᠯᠪᠢᠳᠠᠭ᠃ | ᠰᠤᠷᠭᠠᠭᠤᠯᠢ ᠶᠢᠨ ᠬᠤᠭᠤᠯᠠ ᠭᠡᠷ ᠢᠶᠠᠷ ᠲᠤᠭᠤᠷᠢᠨ ᠦᠵᠡᠭᠰᠡᠨ ᠤ ᠳᠠᠷᠠᠭ᠎ᠠ᠂ ᠠᠩᠬ᠎ᠠ ᠨᠢᠭᠡ ᠣᠨ ᠤ ᠬᠡᠷ | ᠤᠨ ᠠᠬᠠᠮᠠᠳ ᠤᠨ ᠲᠥᠯᠥᠭᠡᠯᠡᠭᠴᠢ ᠳ᠋ᠦᠩ ᠴᠧᠩ ᠹᠠᠩ ᠬᠡᠯᠡᠬᠦ ᠳᠡᠭᠡᠨ᠄ ︽ᠬᠤᠭᠤᠯᠠᠨ ᠳᠠᠩᠬᠢᠮ ᠤᠨ ᠣᠷᠴᠢᠨ | ᠲᠣᠭᠤᠷᠢᠨ ᠴᠡᠪᠡᠷ ᠲᠡᠭᠰᠢ ᠮᠦᠷᠳᠡᠭᠡᠨ ᠬᠤᠭᠤᠯᠠ ᠪᠤᠳᠠᠭ᠎ᠠ ᠬᠢᠬᠦ ᠶᠠᠪᠤᠴᠠ ᠶᠢ ᠤᠯᠠᠨ ᠳᠤ ᠢᠯᠡ ᠪᠤᠯᠭᠠᠵᠤ᠂ ᠣᠯᠠᠨ | ᠶᠠᠩᠵᠤ ᠶᠢᠨ ᠨᠣᠭᠤᠭ᠎ᠠ ᠴᠠᠭ᠎ᠠ ᠲᠤᠬᠢᠷᠠᠭᠤᠯᠤᠭᠰᠠᠨ ᠨᠢ ᠰᠢᠮ᠎ᠡ ᠲᠡᠵᠢᠭᠡᠯ ᠤᠨ ᠳᠡᠩᠴᠡᠭᠦᠷᠢ ᠶᠢ ᠪᠠᠳᠤᠯᠠᠭᠰᠠᠨ | ᠪᠠᠶᠢᠨ᠎ᠠ᠃ ᠰᠤᠷᠭᠠᠭᠤᠯᠢ ᠠᠴᠠ ᠢᠳᠡᠭᠡᠨ ᠤ ᠠᠮᠤᠷ ᠲᠦᠪᠰᠢᠨ ᠢ ᠴᠢᠩᠭ᠎ᠠ ᠵᠢᠷᠤᠮᠯᠠᠵᠤ ᠪᠠᠶᠢᠭ᠎ᠠ ᠨᠢ ᠭᠡᠷ ᠤᠨ | ᠠᠬᠠᠮᠠᠭᠳ ᠪᠢᠳ᠋ᠨ ᠨᠡᠩ ᠰᠠᠨᠠᠭ᠎ᠠ ᠠᠮᠤᠷ ᠪᠤᠯᠵᠠᠢ︾ ᠭᠡᠯᠡ᠃ | ᠰᠤᠷᠭᠠᠭᠤᠯᠢ ᠠᠴᠠ ᠭᠡᠷ ᠤᠨ ᠠᠬᠠᠮᠠᠳ ᠤᠨ ᠬᠤᠯᠪᠤᠭᠠᠨ ᠳᠤ ᠰᠤᠷᠤᠭᠴᠢᠳ ᠤᠨ ᠡᠳᠦᠷ ᠪᠤᠯᠭᠠᠨ ᠤ | ᠭᠤᠷᠪᠠᠨ ᠡᠷᠡᠨ ᠤ ᠬᠤᠭᠤᠯᠠ ᠶᠢ ᠨᠡᠶᠢᠳᠡᠯᠡᠬᠦ ᠪᠤᠯᠤᠭᠰᠠᠨ ᠨᠢ ᠪᠥᠬᠦ ᠬᠤᠰᠢᠭᠤᠨ ᠤ ᠰᠤᠷᠭᠠᠨ ᠬᠥᠮᠦᠵᠢᠯ ᠤᠨ | ᠬᠦᠷᠢᠶᠡᠨ ᠳᠠᠬᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠢ ᠲᠤᠰᠬᠠᠶ ᠴᠡᠭᠴᠡᠯᠡᠨ ᠵᠠᠰᠠᠬᠤ ᠠᠵᠢᠯ ᠤᠨ | ᠰᠢᠭᠤᠳ ᠬᠤᠪᠢᠷᠠᠯᠲᠠ ᠪᠤᠯᠬᠤ ᠶᠤᠮ᠃ ᠬᠢᠴᠢᠶᠠᠯ ᠪᠠᠭᠤᠮᠠᠭᠴᠠ ᠰᠤᠷᠤᠭᠴᠢᠳ ᠳᠤᠭᠤᠭᠠᠨ ᠭᠡᠷ ᠲᠤ ᠬᠦᠷᠴᠦ ᠢᠷᠡᠨ | ᠡᠮᠬᠢ ᠴᠡᠭᠴᠡ ᠲᠠᠢ ᠮᠦᠷᠦᠯᠡᠵᠡᠭᠡᠨ᠂ ᠮᠢᠬ᠎ᠠ ᠲᠠᠢ ᠵᠠᠭᠤᠰᠢ᠂ ᠴᠢᠨᠵᠦᠦ ᠶᠢᠨ ᠬᠠᠭᠤᠷᠤᠯᠭ᠎ᠠ᠂ ᠳ᠋ᠧᠦᠹᠦ᠋ ᠶᠢᠨ | ᠬᠠᠭᠤᠷᠤᠯᠭ᠎ᠠ ᠵᠡᠷᠭᠡ ᠨᠤᠭᠤᠭ᠎ᠠ ᠵᠠᠭᠤᠰᠢ ᠠᠴᠠ ᠰᠤᠩᠭᠤᠨ ᠠᠪᠴᠤ ᠪᠠᠶᠢᠯ᠎ᠠ᠃ | ᠰᠢᠯᠤᠭᠤᠨ ᠬᠥᠬᠡ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠲᠤ᠂ ᠰᠤᠷᠪᠤᠯᠵᠢᠯᠠᠭᠴᠢ | ᠤᠶᠤᠨᠲᠤ ᠳᠡᠯᠭᠡᠴᠡ ᠠᠴᠠ ᠳᠤᠭᠤᠭᠠᠨ ᠭᠡᠷ ᠤᠨ ᠠᠵᠢᠯᠳᠠᠳ ᠤᠨ ᠬᠤᠭᠤᠯᠠ ᠨᠤᠭᠤᠭ᠎ᠠ ᠬᠢᠵᠦ ᠪᠠᠶᠢᠭ᠎ᠠ ᠪᠠᠶᠢᠳᠠᠯ ᠪᠠ | ᠢᠳᠡᠭᠡᠨ ᠤ ᠮᠠᠲ᠋ᠧᠷᠢᠶᠠᠯ ᠢ ᠰᠢᠯᠭᠠᠭᠰᠠᠨ ᠲᠤᠭ᠎ᠠ ᠪᠠᠷᠢᠮᠲᠠ ᠶᠢ ᠣᠯᠵᠤ ᠬᠠᠷᠠᠯ᠎ᠠ᠃ ᠰᠢᠯᠭᠠᠨ ᠪᠠᠶᠢᠴᠠᠭᠠᠬᠤ | ᠠᠵᠢᠯᠲᠠᠳ ᠲᠤᠰᠬᠠᠶ ᠲᠥᠬᠦᠭᠡᠷᠦᠮᠵᠢ ᠶᠢ ᠬᠡᠷᠡᠭᠯᠡᠨ ᠢᠳᠡᠰᠢᠨ ᠨᠣᠭᠤᠭ᠎ᠠ᠂ ᠭᠤᠯᠢᠷ ᠪᠤᠳᠠᠭ᠎ᠠ ᠶᠢ ᠳᠠᠷᠤᠢ ᠳᠤᠨᠢ | ᠪᠠᠶᠢᠴᠠᠭᠠᠵᠤ᠂ ᠢᠳᠡᠭᠡᠨ ᠤ ᠮᠠᠲ᠋ᠧᠷᠢᠶᠠᠯ ᠬᠠᠳᠠᠭᠠᠯᠠᠬᠤ ᠲᠤᠭᠤᠷᠢᠭ ᠬᠢᠭᠡᠳ ᠬᠤᠭᠤᠯᠠ ᠬᠢᠬᠦ ᠲᠣᠭᠤᠷᠢᠭ ᠢ | ᠲᠣᠳᠣᠷᠬᠠᠶ ᠲᠣᠭᠲᠠᠭᠠᠭᠰᠠᠨ ᠨᠢ ︽ᠠᠷᠢᠭᠤᠨ ᠴᠡᠪᠡᠷ ᠲᠣᠭᠤᠭᠠᠨ ᠭᠡᠷ︾ ᠢ ᠪᠠᠷᠢᠮᠵᠢᠶᠠᠵᠢᠭᠤᠯᠤᠨ ᠪᠦᠲᠦᠭᠡᠨ | ᠪᠠᠶᠢᠭᠤᠯᠤᠭᠰᠠᠨ ᠤ ᠦᠷ᠎ᠡ ᠳ᠋ᠦᠩ ᠪᠤᠯᠬᠤ ᠶᠤᠮ᠃ | ᠣᠶᠢᠯᠠᠭᠠᠭᠰᠠᠨ ᠢᠶᠠᠷ᠂ ᠬᠡᠦᠬᠡᠳ ᠤᠨ ᠴᠡᠴᠡᠷᠯᠢᠭ ᠤᠨ ᠡᠳᠦᠷ ᠪᠤᠯᠭᠠᠨ ᠤ ᠬᠤᠭᠤᠯᠠ ᠤᠮᠳᠠ ᠶᠢ ᠴᠥᠮ | ᠲᠤᠰᠬᠠᠶ ᠰᠢᠮ᠎ᠡ ᠲᠡᠵᠢᠭᠡᠯ ᠤᠨ ᠮᠡᠷᠭᠡᠵᠢᠯᠲᠡᠨ ᠠᠴᠠ ᠨᠢᠮᠪᠠᠶ ᠲᠣᠬᠢᠷᠠᠭᠤᠯᠵᠤ᠂ ᠰᠢᠮ᠎ᠡ ᠲᠡᠵᠢᠭᠡᠯ ᠢ ᠲᠡᠩᠴᠡᠭᠦᠷᠢᠲᠡᠶ | ᠪᠠᠶᠢᠯᠭᠠᠬᠤ ᠶᠢ ᠪᠠᠲᠤᠯᠠᠬᠤ ᠮᠥᠷᠲᠡᠭᠡᠨ ᠪᠠᠰᠠ ᠬᠡᠦᠬᠡᠳ ᠤᠨ ᠲᠤᠷᠠᠰᠢᠯ ᠳᠤ ᠨᠡᠶᠢᠴᠡᠭᠦᠯᠬᠦ ᠬᠡᠷᠡᠭᠲᠡᠶ ᠪᠠᠶᠢᠳᠠᠭ᠃ | ᠡᠳᠦᠷ ᠪᠦᠷᠢ ᠶᠢᠨ ᠬᠤᠭᠤᠯᠠᠨ ᠳᠤ ᠵᠢᠭᠠᠰᠤᠨ ᠮᠢᠬ᠎ᠠ᠂ ᠥᠨᠳᠡᠭᠡ᠂ ᠰᠦ᠂ ᠢᠳᠡᠰᠢᠨ ᠨᠣᠭᠤᠭ᠎ᠠ᠂ ᠵᠢᠮᠢᠰ ᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠦᠨᠳᠦᠷ ᠱᠠᠭᠠᠷᠳᠠᠯᠭ᠎ᠠ ᠲᠠᠢ᠃ | ᠰᠢᠯᠤᠭᠤᠨ ᠬᠦᠭᠡ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠤᠨ ᠬᠠᠷᠢᠭᠤᠴᠠᠯᠭᠠᠳᠠᠨ | ᠤᠷᠢᠬᠠᠨ ᠬᠡᠯᠡᠬᠦ ᠳᠡᠭᠡᠨ᠄ ︽ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶᠠᠨ ᠤ ᠰᠤᠷᠭᠠᠭᠤᠯᠢ ᠶᠢᠨ ᠬᠦᠷᠢᠶᠡᠨ | ᠤ ᠬᠤᠭᠤᠯᠨ ᠤᠮᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠮᠠᠨ ᠤ | ᠴᠡᠴᠡᠷᠯᠢᠭ ᠬᠠᠮᠢᠶᠠᠷᠤᠯᠲᠠ ᠶᠢᠨ ᠲᠦᠷᠢᠮ᠂ ᠰᠠᠭᠤᠷᠢ ᠪᠥᠲᠥᠭᠡᠨ ᠪᠠᠶᠢᠭᠤᠯᠤᠯᠲᠠ᠂ ᠢᠳᠡᠭᠡᠨ ᠤ ᠶᠠᠰᠤ ᠴᠢᠨᠠᠷ᠂ | ᠢᠳᠡᠭᠡᠨ ᠤ ᠠᠮᠤᠷ ᠲᠦᠪᠰᠢᠨ᠂ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠠᠴᠠ ᠭᠠᠷᠳᠠᠵᠤ᠂ | ᠬᠡᠦᠬᠡᠳ ᠤᠨ ᠴᠡᠴᠡᠷᠯᠢᠭ ᠤᠨ ᠬᠤᠭᠤᠯᠠ ᠤᠮᠳᠠ ᠵᠢᠴᠢ ᠢᠳᠡᠭᠡᠨ ᠤᠮᠳᠠᠭᠠᠨ ᠤ ᠶᠠᠰᠤ ᠴᠢᠨᠠᠷ ᠤᠨ ᠬᠠᠮᠢᠶᠠᠷᠤᠯᠲᠠ | ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠢ ᠴᠢᠩᠭ᠎ᠠ ᠵᠢᠷᠤᠮᠯᠠᠵᠤ᠂ | ᠬᠡᠦᠬᠡᠳ ᠤᠳ ᠤᠨ ᠬᠤᠭᠤᠯᠠ ᠤᠮᠳᠠ ᠶᠢ ᠪᠥᠬᠦ ᠲᠠᠯ᠎ᠠ ᠪᠠᠷ ᠰᠠᠶᠢᠵᠢᠷᠠᠭᠤᠯᠤᠭᠰᠠᠨ ᠪᠠᠶᠢᠨ᠎ᠠ︾ ᠭᠡᠯᠡ᠃ | ᠰᠤᠷᠭᠠᠭᠤᠯᠢ ᠶᠢᠨ ᠬᠤᠭᠤᠯᠠ ᠤᠮᠳᠠ ᠶᠢ ᠭᠡᠷ ᠤᠨ ᠠᠬᠠᠮᠠᠳ᠂ ᠪᠠᠭᠰᠢ ᠰᠤᠷᠤᠭᠴᠢᠳ ᠵᠢᠴᠢ ᠨᠡᠶᠢᠭᠡᠮ ᠤᠨ ᠬᠠᠮᠳᠤ | ᠤᠯᠠᠨ ᠤ ᠬᠢᠨᠠᠯᠳᠠ ᠳᠤᠤᠷ᠎ᠠ ᠶᠠᠪᠤᠭᠳᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠪᠠᠷ | ᠳᠠᠮᠵᠢᠭᠤᠯᠤᠨ᠂ ᠬᠡᠦᠬᠡᠳ ᠤᠳ ᠲᠤ ᠠᠮᠳᠠ ᠰᠢᠮᠳᠡ ᠲᠠᠢ᠂ ᠰᠢᠮ᠎ᠡ ᠳᠡᠵᠢᠭᠡᠯ ᠦᠨᠳᠦᠷ ᠬᠤᠭᠤᠯᠠ ᠤᠮᠳᠠ | ᠬᠠᠩᠭᠠᠬᠤ ᠶᠢ ᠪᠠᠳᠤᠯᠠᠵᠤ ᠴᠢᠳᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ ᠡᠬᠢᠨ ᠳᠤ ᠰᠢᠯᠤᠭᠤᠨ ᠬᠥᠬᠡ ᠬᠤᠰᠢᠭᠤᠨ ᠤ ᠰᠤᠷᠭᠠᠨ ᠬᠥᠮᠦᠵᠢᠯ | ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ | ᠲᠥᠰᠦᠯ ᠢ ᠲᠣᠭᠲᠠᠭᠠᠵᠤ᠂ ︽ᠰᠤᠷᠭᠠᠨ ᠬᠥᠮᠦᠵᠢᠯ ᠤᠨ ᠲᠣᠪᠴᠢᠶ᠎ᠠ᠂ ᠰᠤᠷᠭᠠᠭᠤᠯᠢ᠂ ᠨᠡᠶᠢᠭᠡᠮ︾ ᠭᠤᠷᠪᠠᠨ | ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ | ᠶᠢᠨ ᠨᠢᠭᠡᠳᠦᠭᠡᠷ ᠬᠠᠷᠢᠭᠤᠴᠠᠯᠭᠠᠲᠠᠨ ᠤ ᠲᠦᠷᠢᠮ ᠢ ᠨᠠᠶᠢᠳᠠᠪᠤᠷᠢᠵᠢᠭᠤᠯᠵᠤ᠂ ᠬᠤᠭᠤᠯᠠᠨ ᠬᠡᠷ ᠤᠨ ᠡᠳ᠋ ᠤᠨ ᠶᠠᠪᠤᠳᠠᠯ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠳᠣᠲᠣᠭᠠᠳᠤ ᠡᠵᠡᠮᠳᠡᠯ ᠤᠨ ᠲᠣᠭᠲᠠᠴᠠ ᠶᠢ | ᠳᠡᠭᠦᠯᠳᠡᠷᠵᠢᠬᠦᠯᠵᠡᠢ᠃ ᠣᠯᠠᠨ ᠰᠠᠯᠠᠭ᠎ᠠ ᠮᠥᠴᠢᠷ ᠲᠠᠢ ᠬᠤᠯᠪᠣᠭᠠᠯᠠᠨ ᠬᠥᠳᠡᠯᠦᠯᠴᠡᠵᠦ ᠨᠢᠭᠡᠳᠦᠯᠲᠡᠢ ᠢᠯᠡᠴᠢᠯᠡᠨ | ᠮᠡᠳᠡᠭᠦᠯᠬᠦ ᠠᠷᠭ᠎ᠠ ᠵᠠᠮ ᠢ ᠲᠤᠭᠳᠠᠭᠠᠨ᠂ ᠭᠡᠷ ᠤᠨ ᠠᠬᠠᠮᠠᠳ ᠪᠠ ᠰᠤᠷᠤᠭᠴᠢᠳ ᠤᠨ ᠬᠢᠨᠠᠯᠲᠠ ᠲᠠᠯᠪᠢᠬᠤ ᠵᠥᠪᠯᠡᠯ ᠢ | ᠪᠠᠶᠢᠭᠤᠯᠤᠭᠰᠠᠨ ᠪᠠᠶᠢᠨ᠎ᠠ᠃ ᠰᠤᠷᠭᠠᠨ ᠬᠥᠮᠦᠵᠢᠯ ᠤᠨ ᠲᠤᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ | ᠰᠤᠷᠤᠭᠴᠢᠳ ᠲᠠᠢ ᠬᠠᠮᠲᠤ ᠬᠤᠭᠤᠯᠠᠯᠠᠬᠤ ᠲᠦᠷᠢᠮ ᠢ ᠬᠡᠷᠡᠭᠵᠢᠭᠦᠯᠵᠦ᠂ ᠣᠯᠠᠨ ᠲᠠᠯ᠎ᠠ ᠶᠢᠨ ᠨᠡᠶᠢᠯᠡᠮᠡᠯ ᠬᠦᠴᠦᠨ ᠢ | ᠨᠢᠭᠲᠠᠷᠠᠭᠤᠯᠬᠤ᠂ ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠵᠡᠷᠭᠡ ᠪᠠᠷ | ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠠᠴᠠ ᠬᠤᠭᠤᠯᠠ ᠪᠤᠳᠠᠭ᠎ᠠ ᠬᠢᠬᠦ ᠬᠦᠷᠳᠡᠯᠡᠬᠢ ᠪᠦᠬᠦ ᠶᠠᠪᠤᠴᠠ ᠶᠢ | ᠵᠢᠷᠤᠮᠵᠢᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠦᠭᠰᠡᠨ ᠪᠠᠶᠢᠨ᠎ᠠ᠃ | ᠰᠢᠯᠤᠭᠤᠨ ᠬᠦᠭᠡ ᠬᠤᠰᠢᠭᠤ ᠰᠤᠷᠭᠠᠭᠤᠯᠢ ᠶᠢᠨ ᠬᠦᠷᠢᠶᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ | ᠴᠢᠩᠭᠠᠳᠬᠠᠬᠤ ᠶᠠᠪᠤᠴᠠ ᠳᠤ ᠪᠦᠬᠦ ᠬᠡᠯᠬᠢᠶ᠎ᠡ᠂ ᠪᠦᠬᠦ ᠶᠠᠪᠤᠴᠠ ᠶᠢ ᠴᠢᠩᠭ᠎ᠠ ᠡᠵᠡᠮᠳᠡᠨ ᠪᠠᠷᠢᠮᠵᠢᠶ᠎ᠠ ᠶᠣᠰᠣᠭᠠᠷ | ᠪᠦᠷᠢᠨᠰᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠦᠨ᠂ | ᠵᠠᠯᠠᠭᠤᠴᠤᠳ ᠪᠠᠭᠠᠴᠤᠳ ᠤᠨ ᠦᠰᠦᠨ ᠪᠣᠶᠢᠵᠢᠯᠲᠠ ᠳᠤ ᠠᠮᠤᠷ ᠲᠦᠪᠰᠢᠨ ᠤ ᠤᠷᠢᠲᠠᠯ ᠨᠥᠬᠦᠴᠡᠯ ᠬᠠᠩᠭᠠᠭᠰᠠᠨ | ᠪᠠᠶᠢᠨ᠎ᠠ᠃ | |