4 ᠰᠠᠷ᠎ᠠ ᠶᠢᠨ 18 ᠤ ᠡᠳᠦᠷ᠂ ᠰᠢᠯᠤᠭᠤᠨ ᠬᠥᠬᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ | ᠬᠦᠵᠦᠭᠦᠦ ᠨᠢᠷᠤᠭᠤ ᠬᠥᠯ ᠡᠪᠡᠳᠬᠦ ᠶᠢ ᠣᠨᠣᠰᠢᠯᠠᠨ ᠵᠠᠰᠠᠬᠤ ᠲᠥᠪ ᠵᠢᠴᠢ ᠪᠠᠴᠢᠮ ᠪᠠᠶᠢᠳᠠᠯ ᠢ ᠠᠷᠭᠠᠴᠠᠭᠠᠬᠤ | ᠶᠡᠷᠦᠩᠬᠡᠶ ᠡᠮᠨᠡᠯᠭᠡ ᠶᠢᠨ ᠬᠤᠷᠢᠶᠠᠨ ᠤ ᠴᠧᠩ ᠴᠢᠩ ᠬᠤᠤ ᠳ᠋ᠣᠺᠲ᠋ᠣᠷ ᠤᠨ ᠪᠦᠯᠬᠦᠮ ᠤᠨ ᠠᠵᠢᠯᠯᠠᠬᠤ ᠥᠷᠲᠡᠭᠡ | ᠪᠠᠶᠢᠭᠤᠯᠤᠭᠳᠠᠯ᠎ᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠯᠢᠦ ᠰᠢᠶᠤᠤ ᠮᠢᠨ᠂ | ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠭᠠᠵᠠᠷ ᠤᠨ ᠳᠡᠳ᠋ ᠳᠠᠷᠤᠭ᠎ᠠ | ᠵᠧᠩ ᠱᠠᠨ ᠬᠠᠶ᠂ ᠡᠪᠡᠳᠬᠦ ᠶᠢ ᠡᠮᠨᠡᠬᠦ ᠰᠠᠯᠠᠭᠠᠨ ᠤ ᠡᠷᠬᠢᠯᠡᠭᠴᠢ ᠴᠧᠩ ᠴᠢᠩ ᠬᠤᠤ ᠨᠠᠷ ᠫᠠᠶᠢᠰᠠ ᠰᠡᠬᠦᠬᠦ ᠶᠣᠰᠣᠯᠠᠯ | ᠳᠤ ᠤᠷᠤᠯᠴᠠᠵᠠᠢ᠃ | ᠲᠣᠰ ᠲᠥᠪ ᠪᠠᠶᠢᠭᠤᠯᠤᠭᠳᠠᠭᠰᠠᠨ ᠨᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶ᠎ᠠ | ᠬᠢᠭᠡᠳ ᠰᠢᠯᠤᠭᠤᠨ ᠬᠥᠬᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠬᠠᠪᠰᠤᠷᠤᠨ | ᠲᠡᠳᠬᠦᠬᠦ ᠬᠠᠮᠲᠤᠷᠠᠯᠴᠠᠭ᠎ᠠ ᠰᠢᠨ᠎ᠡ ᠱᠠᠳᠤᠨ ᠳᠤ ᠠᠬᠢᠭᠰᠠᠨ ᠢ ᠬᠠᠷᠠᠭᠤᠯᠵᠤ᠂ ᠰᠢᠯᠤᠭᠤᠨ ᠬᠥᠬᠡ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶ᠎ᠠ ᠲᠤᠰᠬᠠᠶ ᠮᠡᠷᠭᠡᠵᠢᠯᠲᠡᠨ ᠤ ᠪᠦᠯᠬᠦᠮ ᠳᠤ ᠲᠦᠰᠢᠭᠯᠡᠨ ᠬᠦᠵᠦᠭᠦᠦ ᠮᠥᠷᠥ | ᠨᠢᠷᠤᠭᠤ ᠬᠥᠯ ᠡᠪᠡᠳᠬᠦ ᠡᠪᠡᠳᠴᠢᠨ ᠢ ᠣᠨᠣᠰᠢᠯᠠᠨ ᠡᠮᠨᠡᠵᠦ᠂ ᠣᠯᠠᠨ ᠲᠦᠮᠡᠨ ᠳᠤ ᠴᠢᠨᠠᠷ ᠰᠠᠶᠢᠳᠠᠢ ᠦᠶᠯᠡᠴᠢᠯᠡᠭᠡ | ᠬᠦᠷᠲᠡᠭᠡᠭᠦ ᠪᠤᠯᠤᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠭᠠᠵᠠᠷ ᠤᠨ ᠳᠡᠳ᠋ | ᠳᠠᠷᠤᠭ᠎ᠠ ᠵᠧᠩ ᠱᠠᠨ ᠬᠠᠶ ᠬᠡᠯᠡᠬᠦ ᠳᠡᠭᠡᠨ᠄ ︽ᠬᠠᠪᠰᠤᠷᠤᠨ ᠲᠡᠳᠬᠦᠬᠦ ᠠᠵᠢᠯ ᠪᠣᠯ ᠪᠡᠭᠡᠵᠢᠩ ᠥᠪᠥᠷ ᠮᠣᠩᠭᠤᠯ ᠤᠨ | ᠬᠠᠮᠳᠤᠷᠠᠯᠴᠠᠭᠠᠨ ᠤ ᠵᠥᠪᠯᠡᠯᠴᠡᠭᠡᠷ ᠲᠠᠬᠢ ᠪᠡᠭᠡᠵᠢᠩ ᠤᠨ ᠴᠢᠨᠠᠷ ᠰᠠᠶᠢᠲᠠᠶ ᠡᠬᠢ ᠪᠠᠶᠠᠯᠢᠭ ᠢ ᠤᠷᠤᠭᠤᠯᠵᠤ | ᠠᠪᠴᠢᠷᠠᠬᠤ ᠪᠣᠳᠠᠲᠠᠶ ᠠᠵᠢᠯᠯᠠᠭ᠎ᠠ ᠪᠤᠯᠬᠤ ᠶᠤᠮ᠃ ᠡᠮᠴᠢᠯᠡᠭᠡᠨ ᠤ ᠡᠬᠢ ᠪᠠᠶᠠᠯᠢᠭ ᠤᠨ ᠨᠢᠭᠡᠴᠢ ᠪᠣᠯᠤᠭᠰᠠᠨ ᠤ | ᠬᠤᠪᠢ ᠳᠤ᠂ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠴᠢᠨᠠᠷ ᠰᠠᠶᠢᠲᠠᠶ | ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠲᠤᠬᠠᠶ ᠨᠠᠮ ᠤᠨ ᠲᠥᠪ ᠬᠤᠷᠢᠶᠠᠨ ᠤ ᠵᠢᠭᠠᠪᠤᠷᠢ ᠶᠢᠨ | ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠬᠡᠷ ᠠᠴᠠ ᠪᠠᠨ | ᠤᠶᠢᠷ᠎ᠠ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠶᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠤᠨ᠎ᠠ︾ ᠭᠡᠯᠡ᠃ | ᠲᠤᠰ ᠤᠳᠠᠭᠠᠨ ᠤ ᠠᠵᠢᠯᠯᠠᠭ᠎ᠠ ᠨᠢ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶ᠎ᠠ | ᠠᠴᠠ ᠰᠢᠯᠤᠭᠤᠨ ᠬᠥᠬᠡ ᠬᠤᠰᠢᠭᠤᠨ ᠳᠤ ᠡᠮᠴᠢᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠴᠢᠬᠤᠯᠠ | ᠠᠷᠭ᠎ᠠ ᠬᠡᠮᠵᠢᠶ᠎ᠡ ᠪᠤᠯᠬᠤ ᠶᠤᠮ᠃ ᠡᠭᠦᠨ ᠠᠴᠠ ᠡᠮᠦᠨ᠎ᠡ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ | ᠬᠤᠷᠢᠶ᠎ᠠ ᠠᠴᠠ ᠰᠢᠯᠤᠭᠤᠨ ᠬᠥᠬᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠥᠬᠦ ᠲᠠᠯ᠎ᠠ ᠶᠢᠨ᠂ | ᠣᠯᠠᠨ ᠲᠠᠰ ᠳᠠᠪᠬᠤᠷᠭ᠎ᠠ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠭᠡᠷᠡᠭᠵᠢᠬᠦᠯᠦᠭᠰᠡᠨ ᠪᠠᠶᠢᠨ᠎ᠠ᠃ ᠡᠭᠦᠨ | ᠳᠤ ᠤᠷᠢᠳ ᠬᠤᠵᠢᠳ ᠵᠢᠷᠦᠬᠡᠨ ᠤ ᠳᠣᠲᠣᠷ ᠰᠠᠯᠠᠭ᠎ᠠ᠂ ᠰᠢᠩᠭᠡᠭᠡᠯᠲᠡ ᠶᠢᠨ ᠰᠠᠯᠠᠭ᠎ᠠ᠂ ᠠᠮᠢᠰᠬᠤᠯ ᠤᠨ ᠰᠠᠯᠠᠭ᠎ᠠ᠂ | ᠪᠥᠭᠡᠷ᠎ᠡ ᠶᠢᠨ ᠳᠣᠲᠣᠷ ᠰᠠᠯᠠᠭ᠎ᠠ ᠵᠡᠷᠭᠡ ᠰᠠᠯᠠᠭ᠎ᠠ ᠲᠠᠰᠤᠭ ᠤᠨ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ᠂ | ᠰᠢᠯᠤᠭᠤᠨ ᠬᠥᠬᠡ ᠬᠤᠰᠢᠭᠤᠨ ᠳᠤ ᠣᠷᠳᠣ ᠬᠤᠭᠤᠴᠠᠭ᠎ᠠ ᠪᠠᠷ ᠪᠤᠶᠤ ᠲᠣᠭᠲᠠᠮᠠᠯ ᠬᠤᠭᠤᠴᠠᠭ᠎ᠠ ᠲᠠᠢ ᠪᠠᠷ | ᠣᠨᠣᠰᠢᠯᠠᠨ ᠡᠮᠨᠡᠵᠦ᠂ ᠲᠤᠬᠠᠶ ᠶᠢᠨ ᠭᠠᠵᠠᠷ ᠤᠨ ᠡᠮᠴᠢᠯᠡᠭᠡᠨ ᠤ ᠦᠶᠯᠡᠴᠢᠯᠡᠭᠡ ᠶᠢᠨ ᠬᠢᠷᠢ ᠲᠦᠪᠰᠢᠨ ᠢ | ᠪᠦᠲᠦᠮᠵᠢᠲᠡᠶ ᠳᠡᠭᠡᠭᠰᠢᠯᠡᠭᠦᠯᠵᠡᠢ᠃ ᠲᠠᠷᠠᠭᠠᠴᠢ ᠪᠠᠷ᠂ ᠲᠤᠰᠬᠠᠶ ᠮᠡᠷᠭᠡᠵᠢᠯᠲᠡᠨ ᠤ ᠪᠦᠯᠬᠦᠮ ᠤᠨ ᠵᠢᠯᠣᠭᠤᠳᠣᠯᠭ᠎ᠠ | ᠳᠣᠤᠷ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠰᠢᠨᠵᠢᠯᠡᠭᠡᠨ ᠤ ᠰᠠᠯᠠᠭᠠᠨ ᠤ | ᠳᠤᠲᠠᠭᠤᠳᠠᠯ ᠢᠶᠠᠨ ᠨᠦᠬᠦᠪᠦᠷᠢᠯᠡᠨ᠂ ᠠᠵᠢᠯ ᠤᠨ ᠥᠷᠲᠡᠭᠡ ᠪᠠᠶᠢᠭᠤᠯᠬᠤ ᠪᠠᠷ ᠬᠤᠯᠪᠣᠭᠠᠰᠤ ᠪᠣᠯᠭᠠᠵᠤ᠂ | ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ | ᠡᠭᠦᠳᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠬᠠᠮᠲᠤᠷᠠᠯᠴᠠᠭ᠎ᠠ ᠦᠷᠨᠢᠬᠦᠯᠬᠦ ᠪᠠᠷ ᠪᠤᠢ᠃ | |