ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ 133 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ 8 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/24
     4 ᠰᠠᠷ᠎ᠠ ᠶᠢᠨ 18᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 133 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠦᠪᠯᠡᠯ ᠤᠨ 8 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠎ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽︿ᠬᠤᠶᠠᠷ ᠭᠤᠶᠢᠪᠢᠰᠢ ᠦᠭᠡᠢ﹀ ᠎ ᠶᠢ ᠪᠠᠷᠢᠮᠲᠠᠯᠠᠨ ᠨᠠᠶᠢᠳᠠᠪᠤᠷᠢᠵᠢᠭᠤᠯᠬᠤ︾ ᠪᠣᠯᠤᠨ ᠰᠦᠨ ᠱᠤᠤ ᠴᠧᠩ ᠱᠦᠵᠢ ᠶᠢᠨ ᠰᠢᠯᠤᠭᠤᠨ ᠬᠦᠬᠡ ᠬᠤᠰᠢᠭᠤᠨ ᠎ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠬᠤᠯᠪᠣᠭᠳᠠᠯ ᠪᠦᠬᠦᠢ ᠠᠵᠢᠯ ᠢ ᠰᠤᠳᠤᠯᠤᠨ ᠵᠦᠪᠯᠡᠭᠰᠡᠨ ᠪᠠᠶᠢᠨ᠎ᠠ᠃     ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠠᠨᠠᠭᠠᠴᠢᠯᠠᠭ᠎ᠠ ᠎ ᠠᠴᠠ ᠪᠠᠨ ᠠᠰᠠᠭᠤᠳᠠᠯ ᠢ ᠢᠯᠡᠷᠡᠭᠦᠯᠵᠦ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠴᠢᠩᠭ᠎ᠠ ᠰᠢᠳᠭᠡᠨ᠂ ᠮᠠᠨ ᠤ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠲᠣᠭᠤᠷᠢᠨ ᠪᠠᠶᠢᠴᠠᠭᠠᠵᠤ ᠬᠠᠮᠠᠭᠠᠯᠠᠬᠤ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠣᠶᠢᠵᠢᠭᠤᠯᠵᠤ ᠨᠣᠭᠤᠭᠠᠷᠠᠭᠤᠯᠬᠤ ᠬᠠᠮᠢᠶᠠᠷᠤᠨ ᠬᠠᠮᠠᠭᠠᠯᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠪᠤᠷ ᠤᠨ ᠠᠰᠢᠭᠲᠠᠢ ᠲᠣᠬᠢᠶᠠᠯ ᠢ ᠠᠰᠢᠭᠯᠠᠨ ᠮᠣᠳᠣ ᠲᠠᠷᠢᠵᠤ ᠨᠣᠭᠤᠭᠠᠷᠠᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠣᠶᠢᠵᠢᠭᠤᠯᠵᠤ ᠨᠣᠭᠤᠭᠠᠷᠠᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠤᠨ ᠠᠵᠤ ᠠᠬᠤᠶ ᠶᠢᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠬᠤᠶᠠᠷ ᠭᠤᠶᠢᠪᠢᠰᠢ ᠥᠬᠡᠶ︾᠎ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠶᠯᠡᠳᠦᠯ ᠢ ᠪᠠᠳᠠᠷᠠᠭᠤᠯᠤᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃     ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠰᠦᠨ ᠱᠤᠤ ᠴᠧᠩ ᠱᠦᠵᠢ ᠶᠢᠨ ᠰᠢᠯᠤᠭᠤᠨ ᠬᠦᠬᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾᠎ ᠶᠢ ᠪᠠᠳᠠᠷᠠᠭᠤᠯᠤᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠳᠠᠢ ᠵᠠᠰᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯᠡᠰᠦ ᠶᠢ ᠵᠠᠰᠠᠬᠤ᠂ ᠠᠵᠢᠯ ᠢᠶᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠦᠨ᠂ ᠮᠠᠯᠴᠢᠨ ᠲᠠᠷᠢᠶᠠᠴᠢᠨ ᠢ ᠵᠢᠯᠤᠭᠤᠳᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠡᠯᠡᠰᠦ ᠶᠢ ᠵᠠᠰᠠᠬᠤ ᠪᠠ ᠤᠷᠤᠯᠭ᠎ᠠ ᠪᠠᠨ ᠨᠡᠮᠡᠭᠳᠡᠭᠦᠯᠬᠦ ᠬᠤᠣᠰ ᠠᠮᠵᠢᠯᠳᠠ ᠶᠢ ᠪᠡᠶᠡᠯᠡᠭᠦᠯᠬᠦ ᠬᠡᠷᠡᠭᠲᠡᠢ᠃ ᠡᠪᠡᠰᠦᠨ ᠤ ᠠᠵᠤ ᠦᠶᠯᠡᠰ ᠪᠠ ᠡᠯᠡᠰᠦᠨ ᠤ ᠠᠵᠤ ᠦᠶᠯᠡᠰ ᠢ ᠰᠠᠶᠢᠳᠤᠷ ᠬᠥᠭᠵᠢᠭᠦᠯᠵᠦ᠂ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠭᠰᠠᠨ ᠦᠯᠢᠭᠡᠷ ᠵᠢᠱᠢᠶ᠎ᠡ ᠶᠢ ᠰᠠᠶᠢᠲᠤᠷ ᠤᠬᠠᠭᠤᠯᠵᠤ᠂ ᠨᠠᠩ ᠣᠯᠠᠨ ᠡᠬᠢ ᠪᠠᠶᠠᠯᠢᠭ ᠪᠠ ᠬᠦᠴᠦᠨ ᠢ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠦᠶᠯᠡᠰ ᠲᠤ ᠣᠷᠣᠯᠴᠠᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号