ᠰᠢᠯᠤᠭᠤᠨ ᠬᠥᠬᠡ ᠬᠤᠰᠢᠭᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ ᠪᠤᠢ
ᠨᠡᠶᠢᠲᠡᠯᠡᠭᠰᠡᠨ ᠴᠠᠭ᠄
2025/4/24
     ᠳᠡᠭᠷᠢ ᠲᠤᠯᠠᠭᠠᠷᠠᠬᠤ ᠶᠢ ᠳᠠᠭᠠᠯᠳᠤᠨ᠂ ᠰᠢᠯᠤᠭᠤᠨ ᠬᠥᠬᠡ ᠬᠤᠰᠢᠭᠤᠨ ᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠵᠠᠯᠭᠠᠭ᠎ᠠ ᠪᠠᠷ ᠠᠵᠢᠯ ᠡᠬᠢᠯᠡᠯ᠎ᠡ᠃ 2025 ᠣᠨ ᠳᠤ᠂ ᠰᠢᠯᠤᠭᠤᠨ ᠬᠥᠬᠡ ᠬᠤᠰᠢᠭᠤ ᠨᠢᠭᠡ ᠪᠦᠯᠦᠭ ᠲᠦᠯᠦᠭᠡᠯᠡᠬᠦ ᠴᠢᠨᠠᠷᠲᠠᠶ᠂ ᠳᠠᠭᠠᠭᠤᠯᠬᠤ ᠴᠢᠨᠠᠷᠲᠠᠶ᠂ ᠵᠢᠱᠢᠶ᠎ᠡ ᠦᠵᠡᠭᠦᠯᠬᠦ ᠭᠤᠤᠯᠳᠠᠯᠭ᠎ᠠ ᠲᠠᠢ ᠲᠥᠷᠥᠯ ᠵᠦᠶᠯ ᠢ ᠲᠦᠯᠦᠪᠵᠢᠬᠦᠯᠦᠭᠰᠡᠨ ᠪᠠᠶᠢᠨ᠎ᠠ᠃     ᠰᠠᠩ ᠤᠨ ᠲᠡᠯᠡᠶ ᠪᠠᠯᠭᠠᠰᠤᠨ ᠤ ᠠᠵᠤ ᠦᠶᠯᠡᠰ ᠤᠨ ᠬᠦᠷᠢᠶᠡᠯᠡᠩ ᠳᠤ᠂ ᠪᠠᠶ ᠢ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠳᠠᠳ ᠫᠧᠩ ᠬᠤᠷᠤᠭ᠎ᠠ ᠶᠢ ᠴᠡᠪᠡᠷᠯᠡᠵᠦ᠂ ᠡᠪᠡᠰᠦ ᠪᠤᠷᠳᠤᠭ᠎ᠠ ᠳᠠᠯᠪᠢᠵᠦ ᠪᠠᠶᠢᠯ᠎ᠠ᠃ ᠺᠤᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠴᠧᠩ ᠸᠧᠨ ᠢ ᠬᠡᠯᠡᠬᠦ ᠳᠡᠭᠡᠨ᠄ ︽ᠮᠠᠨ ᠤ ᠺᠤᠮᠫᠠᠨᠢ ᠵᠠᠰᠠᠭ ᠤᠨ ᠣᠷᠳᠣᠨ ᠲᠠᠢ 3000 ᠦᠭᠡᠷ ᠨᠠᠶᠢᠳᠠᠨ ᠲᠡᠵᠢᠭᠡᠯᠭᠡᠬᠦ ᠬᠡᠯᠡᠯᠴᠡᠭᠡᠷ ᠲᠣᠭᠲᠠᠵᠤ᠂ ᠪᠤᠷᠳᠤᠭ᠎ᠠ ᠰᠠᠴᠤᠬᠤ ᠮᠠᠰᠢᠨ᠂ ᠵᠢᠭᠤᠷᠠᠬᠤ ᠮᠠᠰᠢᠨ ᠵᠡᠷᠭᠡ ᠶᠢ ᠡᠷᠳᠡ ᠠᠴᠠ ᠪᠡᠯᠡᠳᠭᠡᠵᠡᠢ︾ ᠭᠡᠯ᠎ᠡ᠃ ᠣᠶᠢᠯᠠᠭᠠᠭᠰᠠᠨ ᠢᠶᠠᠷ᠂ ᠲᠣᠰ ᠲᠥᠷᠥᠯ ᠵᠦᠶᠯ ᠪᠣᠯ ᠡᠪᠡᠰᠦ ᠪᠣᠷᠳᠤᠭ᠎ᠠ ᠳᠠᠷᠢᠬᠤ᠂ ᠮᠢᠬᠠᠨ ᠎ ᠤ ᠦᠬᠡᠷ ᠲᠡᠵᠢᠭᠡᠬᠦ᠂ ᠪᠤᠯᠪᠠᠰᠤᠷᠠᠭᠤᠯᠵᠤ ᠪᠤᠷᠤᠯᠠᠭᠤᠯᠬᠤ᠂ ᠠᠮᠢᠳᠤ ᠮᠠᠯ ᠤᠨ ᠠᠷᠠᠯᠵᠢᠶ᠎ᠠ ᠵᠡᠷᠭᠡ ᠶᠢ ᠨᠢᠭᠡ ᠴᠣᠭᠴᠠᠵᠢᠭᠤᠯᠤᠭᠰᠠᠨ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠪᠥᠬᠦ ᠬᠡᠯᠬᠢᠶᠡᠨ ᠤ ᠠᠵᠤ ᠠᠬᠤᠶᠢᠯᠠᠯ ᠪᠣᠯᠤᠨ᠎ᠠ᠂ ᠲᠦᠰᠦᠪᠯᠡᠬᠦ ᠪᠠᠷ ᠠᠰᠢᠭᠯᠠᠯᠳᠠ ᠳᠤ ᠤᠷᠤᠭᠰᠠᠨ ᠤ ᠳᠠᠷᠠᠭ᠎ᠠ ᠵᠢᠯ ᠳᠤ 100 ᠲᠦᠮᠡᠨ ᠠᠮᠢᠳᠤ ᠮᠠᠯ ᠠᠷᠠᠯᠵᠢᠶᠠᠯᠠᠵᠤ᠂ 6 ᠲᠦᠮᠡᠨ ᠲᠣᠨ ᠣᠷᠭᠠᠨᠢᠭ ᠪᠣᠷᠲᠣᠭᠤᠷ ᠦᠶᠯᠡᠳᠪᠦᠷᠢᠯᠡᠬᠦ ᠪᠣᠯᠤᠨ᠎ᠠ᠃ ᠲᠣᠰ ᠲᠥᠷᠥᠯ ᠵᠦᠶᠯ ᠎ ᠤᠨ ᠶᠡᠷᠦᠩᠬᠡᠶ ᠪᠠᠯᠠ ᠣᠷᠣᠭᠤᠯᠤᠯᠲᠠ ᠨᠢ 1.2 ᠳ᠋ᠦᠩᠰᠢᠭᠤᠷ ᠲᠥᠭᠦᠷᠢᠭ ᠪᠠᠶᠢᠵᠦ᠂ 2025 ᠣᠨ ᠳᠤ 0.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ 2026 ᠣᠨ ᠤ 5 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠤᠷᠤᠭᠤᠯᠬᠤ ᠪᠠᠷ ᠲᠥᠯᠥᠪᠯᠡᠵᠦ ᠪᠣᠶ᠃     ᠰᠢᠯᠤᠭᠤᠨ ᠬᠦᠬᠡ ᠬᠤᠰᠢᠭᠤᠨ ᠤ ᠵᠦᠩ ᠴᠤᠸᠠᠩ ᠲᠦᠷᠦᠯ ᠵᠦᠢᠯ ᠤᠨ ᠪᠠᠷᠢᠯᠭ᠎ᠠ ᠶᠢᠨ ᠲᠠᠯᠠᠪᠠᠢ ᠳᠤ᠂ ᠠᠵᠢᠯᠴᠢᠳ ᠲᠤᠰᠬᠠᠢ ᠮᠠᠰᠢᠨ ᠢᠶᠠᠷ ᠳᠡᠮᠦᠷ ᠤᠳᠠᠰᠤ ᠶᠢ ᠵᠦᠭᠡᠭᠡᠪᠦᠷᠢᠯᠡᠨ᠂ ᠲᠤᠭᠳᠠᠭᠰᠠᠨ ᠴᠡᠭ ᠲᠤ ᠬᠦᠷᠭᠡᠵᠦ ᠪᠠᠶᠢᠯ᠎ᠠ᠃ ᠲᠥᠷᠥᠯ ᠵᠦᠶᠯ ᠤᠨ ᠳᠠᠭᠠᠭᠠᠮᠠᠯ ᠸᠠᠩ ᠱᠣᠤ ᠴᠢᠦ ᠲᠠᠨᠢᠯᠴᠠᠭᠤᠯᠬᠤ ᠳᠠᠭᠠᠨ᠄ ︽ᠣᠳᠣᠬᠠᠨ ᠳᠤ ᠶᠡᠷᠦᠩᠬᠡᠶᠢᠯᠡᠭᠰᠡᠨ ᠠᠰᠠᠷ ᠢ ᠪᠦᠲᠦᠭᠡᠨ ᠪᠠᠶᠢᠭᠤᠯᠵᠤ ᠪᠤᠢ᠃ ᠵᠢᠱᠢᠯᠲᠡ ᠪᠠᠷ 4 ᠰᠠᠷ᠎ᠠ ᠶᠢᠨ ᠰᠡᠭᠦᠯᠴᠢ ᠪᠠᠷ ᠣᠷᠣᠶ ᠶᠢ ᠎ ᠨᠢ ᠪᠦᠭᠯᠡᠵᠦ᠂ ᠬᠦᠴᠦᠳᠡᠯ ᠨᠡᠮᠡᠭᠳᠡᠭᠦᠯᠬᠦ ᠥᠷᠲᠡᠭᠡ ᠶᠢᠨ ᠨᠢᠭᠡᠳᠦᠭᠡᠷ ᠳᠠᠪᠬᠤᠷᠭ᠎ᠠ ᠶᠢ ᠪᠠᠶᠢᠭᠤᠯᠵᠤ ᠳᠠᠭᠤᠰᠬᠠᠬᠤ ᠪᠤᠯᠤᠨ᠎ᠠ᠃ ᠪᠤᠰᠤᠳ ᠪᠠᠷᠢᠯᠭ᠎ᠠ ᠶᠢ ᠴᠤ ᠶᠠᠭ ᠡᠬᠢᠯᠡᠨ ᠪᠠᠶᠢᠭᠤᠯᠵᠤ ᠪᠠᠶᠢᠨ᠎ᠠ︾ ᠭᠡᠯ᠎ᠡ᠃ ᠲᠣᠰ ᠲᠥᠷᠥᠯ ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 12.68 ᠳ᠋ᠦᠩᠰᠢᠭᠤᠷ ᠲᠥᠭᠦᠷᠢᠭ ᠪᠠᠶᠢᠵᠦ᠂ 2025 ᠣᠨ ᠳᠤ 4.98 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠂ ᠵᠢᠯ ᠤᠨ ᠡᠴᠦᠰ ᠲᠤ ᠲᠣᠤᠷ ᠲᠤ ᠨᠡᠶᠢᠯᠡᠭᠦᠯᠬᠦ ᠪᠠᠷ ᠲᠦᠯᠦᠪᠯᠡᠵᠦ ᠪᠤᠢ᠃     2025 ᠣᠨ ᠳᠤ᠂ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠤᠯᠬᠤ ᠰᠢᠶᠠᠩ ᠱᠧᠩ ᠱᠦᠶᠨᠢ ᠬᠤᠭᠤᠯᠠᠶ ᠶᠢᠨ ᠲᠥᠷᠥᠯ ᠵᠦᠶᠯ ᠢ ᠪᠥᠲᠥᠭᠡᠨ ᠪᠠᠶᠢᠭᠤᠯᠬᠤ ᠪᠠᠷ ᠲᠥᠯᠥᠪᠯᠡᠵᠦ᠂ ᠣᠳᠣᠬᠠᠨ ᠳᠤ ᠦᠶᠯᠡᠳᠪᠦᠷᠢ ᠶᠢᠨ ᠳᠠᠰᠤᠭ ᠤᠨ ᠰᠠᠭᠤᠷᠢ ᠲᠠᠯᠪᠢᠬᠤ ᠠᠵᠢᠯ ᠢ ᠨᠢᠭᠡᠨᠳᠡ ᠪᠡᠶᠡᠯᠡᠭᠦᠯᠦᠨ᠂ ᠪᠠᠷᠢᠯᠭ᠎ᠠ ᠶᠢᠨ ᠭᠤᠤᠯ ᠴᠤᠭᠴᠠ ᠶᠢ ᠤᠭᠰᠠᠷᠠᠬᠤ ᠪᠠᠷ ᠪᠡᠯᠡᠳᠬᠡᠵᠦ ᠪᠤᠢ᠃ ᠱᠦᠢᠨᠢ ᠬᠤᠭᠤᠯᠠᠢ ᠨᠢ ᠨᠢᠭᠡ ᠵᠦᠢᠯ ᠤᠨ ᠪᠠᠷᠢᠯᠭ᠎ᠠ ᠶᠢᠨ ᠴᠢᠬᠤᠯᠠ ᠮᠠᠲ᠋ᠧᠷᠢᠶᠠᠯ ᠪᠣᠯᠤᠭᠰᠠᠨ ᠤ ᠬᠤᠪᠢ ᠳᠤ᠂ ᠠᠵᠤ ᠦᠢᠯᠡᠳᠪᠦᠷᠢ ᠪᠣᠯᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠠᠬᠢ ᠬᠡᠷᠡᠭᠴᠡᠭᠡ ᠮᠠᠰᠢ ᠦᠷᠭᠡᠨ ᠪᠠᠶᠢᠳᠠᠭ᠃     ᠰᠤᠷᠪᠤᠯᠵᠢᠯᠠᠭᠴᠢ ᠶᠠᠭ ᠪᠦᠲᠦᠭᠡᠨ ᠪᠠᠶᠢᠭᠤᠯᠵᠤ ᠪᠠᠶᠢᠭ᠎ᠠ ᠱᠠᠩᠳᠤ ᠪᠡᠶ᠎ᠡ ᠶᠢᠨ ᠲᠠᠮᠢᠷ ᠤᠨ ᠴᠡᠴᠡᠷᠯᠢᠭ ᠲᠤ ᠬᠦᠷᠬᠦ ᠳᠤ ᠤᠯᠠᠨ ᠵᠦᠢᠯ ᠤᠨ ᠮᠠᠰᠢᠨ ᠲᠦᠭᠦᠭᠡᠷᠦᠮᠵᠢ ᠰᠦᠯᠵᠢᠯᠳᠦᠨ᠂ ᠠᠵᠢᠯᠴᠢᠳ ᠲᠤᠰ ᠲᠤᠰ ᠤᠨ ᠠᠵᠢᠯ ᠎ ᠳᠠᠭᠠᠨ ᠶᠠᠭᠠᠷᠠᠯᠳᠤᠨ᠎ᠠ᠃ ᠣᠶᠢᠯᠠᠭᠠᠭᠰᠠᠨ ᠢᠶᠠᠷ᠂ ᠱᠠᠩᠳᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠥᠷᠥᠯ ᠵᠦᠶᠯ ᠎ ᠨᠢ 293200 ᠳᠡᠭᠰᠢ ᠲᠦᠷᠪᠡᠯᠵᠢᠨ ᠮᠧᠲᠷ ᠳᠠᠯᠠᠪᠠᠢ ᠡᠵᠡᠯᠡᠵᠦ᠂ ᠨᠡᠶᠢᠳᠡ 1533 ᠲᠦᠮᠡᠨ ᠲᠥᠭᠦᠷᠢᠭ ᠤᠨ ᠪᠡᠯᠡ ᠤᠷᠤᠭᠤᠯᠤᠨ᠂ 2025 ᠣᠨ ᠳᠤ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠤᠷᠤᠭᠤᠯᠬᠤ ᠪᠠᠷ ᠪᠤᠢ᠃ ᠲᠤᠰ ᠴᠡᠴᠡᠷᠯᠢᠭ ᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠤᠬᠢ ᠰᠠᠶᠢᠨ ᠨᠦᠬᠦᠴᠡᠯ ᠬᠠᠩᠭᠠᠵᠤ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠪᠠ ᠭᠡᠷ ᠪᠦᠯᠢ ᠪᠠᠷ ᠢᠶᠠᠨ ᠵᠤᠭᠠᠴᠠᠨ ᠲᠤᠭᠯᠠᠬᠤ ᠳᠤ ᠲᠦᠭᠦᠮ ᠦᠵᠡᠬᠦᠯᠬᠦ ᠵᠤᠷᠢᠯᠳᠠ ᠪᠠᠷ ᠪᠠᠶᠢᠭᠤᠯᠵᠤ᠂ ᠣᠯᠠᠨ ᠶᠠᠩᠵᠤ ᠶᠢᠨ ᠪᠡᠶ᠎ᠡ ᠴᠢᠭᠢᠷᠠᠭᠵᠢᠭᠤᠯᠬᠤ ᠡᠯᠧᠮᠧᠨ᠋ᠲ ᠢ ᠪᠠᠶᠢᠭᠠᠯᠢ ᠶᠢᠨ ᠠᠮᠢ ᠠᠬᠤᠶ ᠯᠤᠭ᠎ᠠ ᠠᠭᠤᠰᠤᠯᠴᠠᠭᠤᠯᠤᠨ᠂ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ᠂ ᠰᠣᠶᠣᠯ ᠎ ᠤᠨ ᠠᠮᠢᠳᠤᠷᠠᠯ ᠤᠨ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠤᠯᠤᠨ᠎ᠠ᠃     ᠡᠨᠡ ᠵᠢᠯ ᠠᠴᠠ ᠨᠠᠰᠢ᠂ ᠪᠥᠬᠦ ᠬᠤᠰᠢᠭᠤ ᠪᠠᠷ ᠢᠶᠠᠨ ︽ᠲᠥᠷᠥᠯ ᠵᠦᠶᠯ ᠢᠶᠠᠷ ᠭᠤᠤᠯ ᠪᠣᠯᠭᠠᠵᠤ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ︾᠎ ᠶᠢ ᠪᠠᠷᠢᠮᠲᠠᠯᠠᠨ᠂ ᠲᠥᠷᠥᠯ ᠵᠦᠶᠯ ᠢ ᠲᠥᠰᠦᠪᠯᠡᠬᠦ ᠪᠠ ᠠᠷᠠᠯᠵᠢᠶᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡ ᠪᠠᠨ ᠰᠢᠯᠢᠳᠡᠭᠵᠢᠭᠦᠯᠦᠨ᠂ ᠲᠥᠷᠥᠯ ᠵᠦᠶᠯ ᠤᠨ ᠨᠢᠭᠡᠴᠢ ᠲᠠᠢ ᠢᠳᠡᠪᠬᠢᠳᠡᠢ ᠬᠠᠷᠢᠯᠴᠠᠵᠤ᠂ ᠤᠷᠢᠳᠠᠴᠢ ᠬᠤᠭᠤᠴᠠᠭᠠᠨ ᠤ ᠭᠠᠷ ᠭᠦᠶᠴᠡᠳᠬᠡᠯ ᠢ ᠳᠠᠭᠠᠭᠤᠯᠤᠨ ᠬᠦᠢᠴᠡᠳᠭᠡᠭᠦ ᠪᠤᠶᠤ ᠣᠷᠣᠯᠠᠨ ᠬᠦᠢᠴᠡᠳᠭᠡᠵᠦ᠂ ᠠᠵᠢᠯᠲᠠᠨ᠂ ᠡᠳ᠋ ᠪᠣᠳᠠᠰ᠂ ᠲᠥᠬᠦᠭᠡᠷᠦᠮᠵᠢ ᠵᠡᠷᠭᠡ ᠪᠡᠯᠡᠳᠬᠡᠯ ᠠᠵᠢᠯ ᠢ ᠰᠠᠶᠢᠳᠤᠷ ᠬᠢᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠶᠢᠨ ᠪᠠᠲᠤᠯᠠᠭ᠎ᠠ ᠬᠠᠩᠭᠠᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠭᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠰᠢᠯᠢᠳᠡᠭᠵᠢᠬᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠭᠰᠠᠨ ᠪᠠᠶᠢᠨ᠎ᠠ᠃ 2025 ᠣᠨ ᠳᠤ᠂ ᠮᠠᠨ ᠤ ᠬᠤᠰᠢᠭᠤ 36 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠎ ᠨᠢ 54 ᠳ᠋ᠦᠩᠰᠢᠭᠤᠷ ᠲᠥᠭᠦᠷᠢᠭ ᠲᠤ ᠬᠦᠷᠴᠦ᠂ 30 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠢ᠃     ᠲᠦᠷᠦᠯ ᠵᠦᠢᠯ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠤᠯ ᠬᠦᠴᠦᠨ ᠮᠥᠨ᠃ ᠰᠢᠯᠤᠭᠤᠨ ᠬᠥᠬᠡ ᠬᠤᠰᠢᠭᠤ ᠲᠥᠷᠥᠯ ᠵᠦᠶᠯ ᠤᠨ ᠪᠦᠲᠦᠭᠡᠨ ᠪᠠᠶᠢᠭᠤᠯᠤᠯᠳᠠ ᠶᠢᠨ ᠠᠬᠢᠴᠠ ᠶᠢ ᠲᠦᠷᠭᠡᠳᠭᠡᠨ᠂ ᠲᠦᠯᠦᠪᠯᠡᠭᠡ ᠶᠤᠰᠤᠭᠠᠷ ᠲᠤᠭᠳᠠᠭᠰᠠᠨ ᠬᠤᠭᠤᠴᠠᠭᠠᠨ ᠳᠤ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠵᠦ ᠪᠤᠢ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号