ᠡᠨᠡ ᠵᠢᠯ ᠪᠤᠯ ᠤᠯᠤᠰ ᠤᠨ ᠠᠮᠤᠷ ᠲᠦᠪᠰᠢᠨ ᠤ ᠬᠠᠥᠯᠢ ᠶᠢ ᠨᠡᠶᠢᠳᠡᠯᠡᠵᠦ ᠬᠡᠷᠡᠭᠵᠢᠬᠦᠯᠦᠭᠰᠡᠨ ᠠᠷᠪᠠᠳᠡᠬᠢ | ᠵᠢᠯ ᠤᠨ ᠤᠢ ᠪᠠᠶᠢᠵᠦ᠂ 4 ᠳ᠋ᠤᠭᠡᠷ ᠰᠠᠷ᠎ᠠ ᠶᠢᠨ 15 ᠤ ᠡᠳᠦᠷ ᠪᠤᠯ ᠠᠷᠪᠡᠳᠡᠬᠢ ᠪᠦᠬᠦ ᠠᠷᠠᠳ ᠤᠨ ᠤᠯᠤᠰ ᠤᠨ | ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ | ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠬᠤᠰᠢᠭᠤ ᠳᠥᠷᠪᠡᠨ ᠶᠡᠭᠡ | ᠤᠳᠤᠷᠢᠳᠬᠤ ᠪᠠᠭ ᠤᠨ ᠠᠯᠪᠠᠨ ᠬᠡᠷ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠵᠢᠴᠢ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ | ᠬᠠᠮᠲᠤᠷᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ | ᠠᠵᠢᠯᠯᠠᠭ᠎ᠠ ᠡᠷᠬᠢᠯᠡᠯ᠎ᠡ᠃ ᠠᠵᠢᠯᠯᠠᠭ᠎ᠠ ᠨᠢ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠲᠤᠭᠤᠰᠢᠯᠠᠭᠤᠯᠵᠤ᠂ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ︾ ᠪᠠᠷ | ᠭᠤᠣᠯ ᠰᠡᠳᠦᠪ ᠪᠤᠯᠭᠠᠨ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠤᠬᠠᠭᠤᠯᠭ᠎ᠠ ᠬᠦᠮᠦᠵᠢᠯ ᠬᠢᠬᠦ᠂ ᠡᠷᠡᠭᠦᠯ | ᠮᠠᠨᠲᠤ ᠶᠢᠨ ᠦᠢᠯᠡᠴᠢᠯᠡᠭᠡ ᠬᠠᠩᠭᠠᠬᠤ ᠶᠢ ᠬᠠᠮᠳᠤᠷᠠᠭᠤᠯᠤᠨ ᠶᠠᠪᠤᠭᠳᠠᠭᠤᠯᠵᠠᠢ᠃ | ᠦᠳᠡ ᠶᠢᠨ ᠡᠮᠦᠨ᠎ᠡ ᠶᠢᠨ 10 ᠴᠠᠭ ᠲᠤ ᠬᠤᠰᠢᠭᠤ ᠤᠯᠠᠭᠠᠨᠮᠥ᠋ᠴᠢᠷ ᠤᠨ ᠲᠣᠭᠯᠠᠯᠲᠠ ᠪᠠᠷ ᠠᠵᠢᠯᠯᠠᠭᠠᠨ ᠤ | ᠬᠦᠰᠢᠭᠡ ᠶᠢ ᠰᠡᠬᠦᠵᠦ᠂ ᠲᠤᠬᠠᠢ ᠶᠢᠨ ᠲᠠᠯᠠᠪᠠᠢ ᠳᠤ ᠡᠯ᠎ᠡ ᠨᠢᠭᠡᠴᠢ ᠶᠢᠨ ᠬᠢᠨ ᠤᠬᠠᠭᠤᠯᠭ᠎ᠠ ᠶᠢᠨ ᠰᠠᠮᠪᠠᠷ᠎ᠠ ᠳᠡᠯᠭᠡᠭᠦ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠤᠯᠠᠨ ᠲᠦᠮᠡᠨ ᠳᠤ ᠤᠯᠤᠰ | ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠮᠡᠳᠡᠯᠭᠡ ᠶᠢᠨ ᠲᠤᠭᠤᠷᠢᠨ ᠳᠤ ᠤᠯᠤᠰ ᠲᠥᠷᠥ ᠶᠢᠨ ᠠᠮᠤᠷ | ᠲᠦᠪᠰᠢᠨ᠂ ᠠᠵᠤ ᠠᠬᠤᠶ ᠶᠢᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ | ᠲᠦᠪᠰᠢᠨ ᠵᠡᠷᠭᠡ ᠠᠭᠤᠯᠭ᠎ᠠ ᠶᠢ ᠲᠠᠶᠢᠯᠪᠤᠷᠢᠯᠠᠵᠦ᠂ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ ᠤᠯᠤᠰ ᠤᠨ ᠠᠮᠤᠷ | ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠦᠶᠯᠡ ᠠᠵᠢᠯᠯᠠᠭ᠎ᠠ ᠪᠠ ᠳᠡᠭᠦᠨ ᠤ ᠦᠷ᠎ᠡ ᠳ᠋ᠦᠩ᠂ ᠠᠷᠠᠳ | ᠢᠷᠭᠡᠳ ᠤᠯᠤᠰ ᠤᠨ ᠠᠮᠤᠷ ᠲᠦᠪᠰᠢᠨ ᠢ ᠬᠡᠷᠬᠢᠨ ᠬᠠᠮᠠᠭᠠᠯᠠᠬᠤ ᠲᠤᠬᠠᠢ ᠬᠦᠨᠵᠡᠭᠡᠢ ᠤᠬᠠᠭᠤᠯᠤᠭᠰᠠᠨ ᠪᠠᠶᠢᠨ᠎ᠠ᠃ | ᠡᠭᠦᠨ ᠠᠴᠠ ᠭᠠᠳᠠᠨ᠎ᠠ 12339 ᠢᠯᠡᠴᠢᠯᠡᠨ ᠮᠡᠳᠡᠭᠦᠯᠬᠦ ᠤᠲᠠᠰᠤ ᠶᠢᠨ ᠴᠢᠬᠤᠯᠠ ᠦᠢᠯᠡᠳᠦᠯ ᠢ ᠤᠬᠠᠭᠤᠯᠵᠤ᠂ | ᠤᠯᠤᠰ ᠣᠷᠣᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠣᠯᠵᠤ | ᠮᠡᠳᠡᠪᠡᠯ ᠳᠠᠷᠤᠢ ᠳᠤᠨᠢ ᠢᠯᠡᠴᠢᠯᠡᠨ ᠮᠡᠳᠡᠭᠦᠯᠬᠦ ᠶᠢ ᠵᠤᠷᠢᠭᠵᠢᠭᠤᠯᠵᠠᠢ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠤᠯᠤᠰ ᠤᠨ ᠠᠮᠤᠷ | ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ | ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠬᠤ︾ ᠠᠭᠤᠷ ᠠᠮᠢᠰᠬᠤᠯ ᠢ ᠪᠣᠶ ᠪᠤᠯᠭᠠᠨ᠂ ᠪᠥᠬᠦ | ᠬᠤᠰᠢᠭᠤᠨ ᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠦᠭᠰᠡᠨ ᠪᠠᠶᠢᠨ᠎ᠠ᠃ | |