ᠪᠤᠷᠭᠠᠰᠤ ᠨᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠳᠤ ᠴᠢᠬᠤᠯᠠ ᠦᠶᠯᠡᠳᠦᠯ ᠦᠵᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2025/4/24
       ᠣᠶᠢᠷ᠎ᠠ ᠳᠤ᠂ ᠰᠤᠷᠪᠤᠯᠵᠢᠯᠠᠭᠴᠢ ᠰᠢᠯᠤᠭᠤᠨ ᠬᠥᠬᠡ ᠬᠤᠰᠢᠭᠤᠨ ᠤ ᠲᠠᠪᠦ‍ ᠨᠢᠬᠡ ᠮᠠᠯᠵᠢᠯ ᠤᠨ ᠲᠠᠯᠠᠪᠠᠶ ᠪᠠ ᠰᠠᠶᠢᠨᠬᠤᠳᠳᠤᠭ ᠰᠤᠮᠤᠨ ᠤ ᠮᠣᠩᠭᠤᠯᠵᠢᠨ ᠭᠠᠴᠠᠭ᠎ᠠ ᠳᠤ ᠬᠦᠷᠴᠦ᠂ ᠪᠣᠷᠭᠠᠰᠣ ᠬᠡᠷᠬᠢᠨ ᠡᠯᠡᠰᠦᠷᠬᠡᠭ ᠭᠠᠵᠠᠷ ᠤᠨ ︽ᠬᠤᠰᠢᠭᠤᠴᠢ ᠮᠣᠳᠣᠨ ᠤ ᠲᠥᠷᠥᠯ︾ ᠪᠠᠶᠢᠭᠰᠠᠨ ᠠᠴᠠ ᠠᠮᠢ ᠠᠬᠤᠶ ᠶᠢᠨ ᠵᠠᠰᠠᠯᠲᠠ ᠳᠤ ᠴᠢᠬᠤᠯᠠ ᠦᠢᠯᠡᠳᠦᠯ ᠲᠠᠢ ᠪᠤᠯᠤᠠᠠᠰᠠᠠ ᠶᠢ ᠥᠶᠢᠯᠭᠠᠯ᠎ᠠ᠃      ᠲᠠᠪᠦ‍ ᠨᠢᠬᠡ ᠮᠠᠯᠵᠢᠯ ᠤᠨ ᠲᠠᠯᠠᠪᠠᠢ ᠶᠢᠨ ᠦᠢᠯᠡᠳᠪᠦᠷᠢᠯᠡᠯ ᠤᠨ ᠲᠠᠯᠠᠪᠠᠢ ᠳᠤ ᠮᠠᠰᠢᠨ ᠮᠧᠬᠠᠨᠢᠭ ᠬᠦᠷᠴᠢᠭᠢᠨᠡᠵᠦ᠂ ︽ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ︾ ᠤᠨ ᠲᠦᠭᠦᠬᠡᠢ ᠮᠠᠲ᠋ᠧᠷᠢᠶᠠᠯ ᠢ ᠱᠠᠯᠠᠪᠳᠠᠨ ᠦᠢᠯᠡᠳᠪᠦᠷᠢᠯᠡᠵᠦ ᠪᠠᠶᠢᠯ᠎ᠠ᠃ ᠲᠤᠬᠠᠢ ᠶᠢᠨ ᠭᠠᠵᠠᠷ ᠤᠨ ᠮᠠᠯᠴᠢᠳ ᠤᠨ ᠲᠠᠨᠢᠯᠴᠠᠭᠤᠯᠤᠭᠰᠠᠨ ᠢᠶᠠᠷ᠂ ᠰᠤᠯᠠ ᠰᠡᠯᠡᠭᠦᠦ ᠴᠠᠭ ᠢᠶᠠᠨ ᠠᠰᠢᠭᠯᠠᠵᠤ᠂ 3 ᠬᠥᠮᠦᠨ ᠡᠳᠦᠷ ᠪᠦᠷᠢ 500 - 600 ᠪᠣᠭᠤᠵᠢ ᠪᠤᠷᠭᠠᠰᠤ ᠬᠡᠷᠴᠢᠵᠤ᠂ ᠪᠣᠭᠤᠵᠢ ᠪᠦᠷᠢ  ᠳᠡᠭᠡᠨ1.5 ᠲᠥᠭᠦᠷᠢᠭ᠂ ᠡᠳᠦᠷ ᠤᠨ ᠳᠤᠮᠳᠠᠴᠢ ᠣᠷᠣᠯᠭ᠎ᠠ ᠨᠢ 300 ᠲᠥᠭᠦᠷᠢᠭ ᠲᠤ ᠬᠥᠷᠴᠤ ᠪᠠᠶᠢᠨ᠎ᠠ᠃ ᠡᠲᠡᠭᠡᠷ ᠲᠦᠭᠦᠬᠡᠶ ᠮᠠᠲ᠋ᠧᠷᠢᠶᠠᠯ ᠨᠢ ᠮᠠᠨ ᠤ ᠬᠤᠰᠢᠭᠤᠨ ᠤ ᠡᠪᠡᠰᠦ ᠪᠣᠷᠳᠤᠭ᠎ᠠ ᠪᠣᠯᠪᠠᠰᠤᠷᠠᠭᠤᠯᠬᠤ᠂ ᠡᠯᠡᠰᠦ ᠶᠢ ᠲᠣᠭᠲᠠᠪᠤᠷᠢᠵᠢᠭᠤᠯᠬᠤ ᠮᠠᠲ᠋ᠧᠷᠢᠶᠠᠯ ᠤᠨ ᠪᠠᠳᠤᠯᠠᠭ᠎ᠠ ᠶᠢ ᠬᠠᠩᠭᠠᠭᠰᠠᠨ ᠤ ᠳᠠᠷᠠᠭ᠎ᠠ ᠰᠢᠯᠤᠭᠤᠨ ᠬᠥᠪᠡᠭᠡᠲᠦ ᠴᠠᠭᠠᠨ ᠬᠤᠰᠢᠭᠤ᠂ ᠬᠡᠰᠢᠭᠲᠡᠨ ᠬᠤᠰᠢᠭᠤ ᠵᠡᠷᠭᠡ ᠡᠷᠬᠢᠨ ᠲᠣᠭᠤᠷᠢᠨ ᠤ ᠬᠤᠰᠢᠭᠤ ᠰᠢᠶᠠᠨ ᠵᠢᠴᠢ ᠣᠷᠳᠣᠰ ᠤᠨ ᠬᠠᠩᠭᠢᠨ ᠬᠤᠰᠢᠭᠤᠨ ᠤ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠤᠨ ᠲᠤᠬᠠᠶ ᠶᠢᠨ ᠭᠠᠵᠠᠷ ᠲᠤ ᠪᠣᠷᠣᠯᠠᠭᠤᠯᠳᠠᠭ᠃ ᠮᠣᠩᠭᠤᠯᠵᠢᠨ ᠭᠠᠴᠠᠭᠠᠨ ᠤ ᠪᠤᠷᠭᠠᠰᠤ ᠡᠳ᠋ᠰᠢᠭᠦᠯᠬᠦ ᠬᠡᠪᠴᠢᠶ᠎ᠡ ᠨᠠᠩ ᠶᠡᠭᠡ ᠪᠠᠶᠢᠵᠦ᠂ ᠲᠡᠭᠡᠭᠡᠪᠦᠷᠢ ᠶᠢᠨ ᠲᠡᠷᠭᠡ ᠡᠳᠦᠷ ᠪᠦᠷᠢ ᠲᠠᠪᠤ ᠵᠢᠷᠭᠤᠭᠠᠨ ᠡᠭᠡᠯᠵᠢ ᠶᠠᠪᠤᠵᠤ᠂ ᠲᠡᠷᠭᠡ ᠪᠦᠷᠢ ᠳᠤ 16 ᠲᠣᠨ ᠪᠠᠷᠢᠮᠵᠢᠶᠠᠲᠤ ᠬᠡᠷᠴᠢᠭᠰᠡᠨ ᠡᠪᠡᠰᠦ ᠪᠣᠷᠳᠤᠭ᠎ᠠ ᠠᠴᠢᠵᠤ ᠪᠠᠶᠢᠨ᠎ᠠ᠃ ᠳᠣᠯᠤᠭ᠎ᠠ ᠨᠠᠶᠮᠠᠨ ᠠᠵᠢᠯᠴᠢᠨ ᠬᠤᠭᠤᠷᠣᠨᠳᠣ ᠪᠠᠨ ᠬᠠᠮᠵᠢᠯᠴᠠᠵᠤ᠂ ᠲᠦᠭᠦᠬᠡᠶ ᠮᠠᠲ᠋ᠧᠷᠢᠶᠠᠯ ᠢ ᠰᠢᠶᠳᠪᠦᠷᠢᠯᠡᠬᠦ ᠠᠴᠠ ᠠᠪᠤᠭᠠᠳ ᠲᠡᠷᠭᠡᠨ ᠳᠤ ᠠᠴᠢᠵᠤ ᠲᠡᠭᠡᠭᠡᠪᠦᠷᠢᠯᠡᠬᠦ ᠬᠦᠷᠲᠡᠯ᠎ᠡ᠂ ᠨᠢᠭᠡᠨ ᠪᠦᠷᠢᠨ ᠪᠦᠲᠦᠨ ᠪᠥᠭᠡᠳ ᠥᠨᠳᠥᠷ ᠪᠦᠲᠦᠮᠵᠢᠲᠡᠶ ᠠᠵᠤ ᠦᠶᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠡᠪᠡᠰᠦ ᠪᠣᠷᠳᠤᠭ᠎ᠠ ᠶᠢ ᠪᠣᠯᠪᠠᠰᠤᠷᠠᠭᠤᠯᠬᠤ ᠦᠶᠯᠡᠳᠪᠦᠷᠢ ᠳᠤ ᠲᠠᠰᠤᠷᠠᠯᠲᠠ ᠥᠬᠡᠶ ᠬᠦᠷᠭᠡᠵᠦ ᠪᠠᠶᠢᠨ᠎ᠠ᠃     ᠪᠣᠳᠠ ᠰᠥᠭᠡᠭ ᠤᠨ ᠣᠶ ᠶᠢ ᠵᠠᠰᠠᠵᠣ ᠲᠡᠭᠰᠢᠯᠡᠬᠦ ᠲᠥᠷᠥᠯ ᠵᠦᠶᠯ ᠢ ᠬᠡᠷᠡᠭᠵᠢᠭᠦᠯᠦᠭᠰᠡᠨ ᠨᠢ ᠲᠤᠬᠠᠶ ᠶᠢᠨ ᠭᠠᠵᠠᠷ ᠤᠨ ᠮᠠᠯᠴᠢᠳ ᠲᠤ ᠠᠰᠢᠭ ᠲᠤᠰᠠ ᠬᠦᠷᠳᠡᠬᠡᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠯᠴᠢᠳ ᠬᠥᠳᠡᠯᠮᠦᠷᠢ ᠶᠢᠨ ᠣᠷᠣᠯᠭ᠎ᠠ ᠪᠠᠨ ᠨᠡᠮᠡᠭᠳᠡᠭᠦᠯᠬᠦ ᠪᠠᠷ ᠪᠠᠷᠠᠬᠤ ᠥᠬᠡᠶ᠂ ᠪᠠᠰᠠ ᠨᠠᠷᠢᠯᠢᠭ ᠡᠳ᠋ᠰᠢᠭᠦᠯᠵᠦ᠂ ᠮᠠᠯ ᠳᠤ ᠭᠦᠶᠴᠡᠳ ᠢᠳᠡᠭᠡᠨ ᠤ ᠢᠷᠡᠯᠲᠡ ᠬᠠᠩᠭᠠᠵᠤ᠂ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠴᠢᠨᠠᠷ ᠰᠠᠶᠢᠲᠠᠶ ᠰᠠᠭᠤᠷᠢ ᠮᠠᠲ᠋ᠧᠷᠢᠶᠠᠯ ᠬᠠᠩᠭᠠᠪᠠ᠃     ᠪᠤᠷᠭᠠᠰᠤ ᠨᠢ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ ᠳᠤ ᠴᠢᠬᠤᠯᠠ ᠦᠶᠯᠡᠳᠦᠯ ᠦᠵᠡᠭᠦᠯᠵᠦ ᠴᠢᠳᠠᠭᠰᠠᠨ ᠨᠢ ᠲᠡᠭᠦᠨ ᠤ ᠬᠦᠴᠦᠷᠬᠡᠭ ᠶᠡᠭᠡ ᠵᠣᠬᠢᠴᠠᠬᠤ ᠴᠢᠳᠠᠪᠤᠷᠢ ᠠᠴᠠ ᠪᠣᠯᠤᠭᠰᠠᠨ ᠶᠤᠮ᠃ ᠲᠡᠷᠡ ᠨᠢ ᠭᠠᠩ ᠬᠠᠭᠰᠠᠷᠠᠭᠠᠨ᠂ ᠬᠤᠵᠢᠷᠯᠢᠬ ᠲᠤ ᠲᠡᠰᠪᠦᠷᠢᠲᠡᠶ ᠪᠠᠶᠢᠵᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠠᠮᠢ ᠠᠬᠤᠶ  ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠤᠰᠢᠭᠤᠴᠢ ᠮᠣᠳᠣᠨ ᠤ ᠲᠥᠷᠥᠯ ᠪᠣᠯᠵᠠᠢ᠃     ᠣᠳᠣᠬᠠᠨ ᠳᠤ᠂ ᠰᠢᠯᠤᠭᠤᠨ ᠬᠥᠬᠡ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠠᠪᠤᠴᠠ ᠳᠤ᠂ ︽ᠡᠯᠡᠰᠦᠨ ᠤ ᠤᠷᠭᠤᠮᠠᠯ — ᠣᠷᠴᠢᠯᠳᠤᠭᠤᠯᠤᠨ ᠠᠰᠢᠭᠯᠠᠬᠤ — ᠠᠮᠢ ᠠᠬᠤᠶ ᠶᠢ ᠰᠡᠷᠭᠦᠭᠡᠬᠦ︾ ᠥᠷᠲᠡᠭ ᠤᠨ ᠬᠡᠯᠬᠢᠶ᠎ᠡ ᠶᠢ ᠪᠠᠶᠢᠭᠤᠯᠬᠤ ᠪᠠᠷ ᠳᠠᠮᠵᠢᠭᠤᠯᠤᠨ᠂ ᠠᠮᠢ ᠠᠬᠤᠶ ᠶᠢᠨ ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠢ ᠵᠡᠷᠭᠡ ᠪᠠᠷ ᠴᠢᠬᠤᠯᠠᠴᠢᠯᠠᠬᠤ ᠦᠷᠭᠦᠯᠵᠢᠯᠡᠬᠦ ᠬᠥᠭᠵᠢᠯᠲᠡ ᠶᠢᠨ ᠠᠷᠭ᠎ᠠ ᠵᠠᠮ ᠢ ᠠᠮᠵᠢᠯᠲᠠ ᠲᠠᠢ ᠬᠠᠶᠢᠨ ᠰᠦᠪᠡᠭᠴᠢᠯᠡᠨ᠂ ᠡᠶᠢᠮᠦᠷᠬᠦᠦ ᠰᠢᠨ᠎ᠡ ᠶᠢ ᠡᠭᠦᠳᠬᠦ ᠬᠡᠪ ᠵᠠᠭᠪᠤᠷ ᠨᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠨᠥᠬᠦᠴᠡᠯ ᠳᠤ ᠨᠡᠩ ᠤᠯᠠᠨ ᠨᠣᠭᠤᠭᠠᠨ ᠦᠩᠭᠡ ᠨᠡᠮᠡᠷᠢᠯᠡᠵᠦ᠂ ᠠᠮᠢ ᠠᠬᠤᠢ  ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠡᠯ᠎ᠡ ᠭᠠᠵᠠᠷ ᠤᠨ ᠠᠮᠢ ᠠᠬᠤᠢ ᠶᠢᠨ ᠵᠠᠰᠠᠯᠲᠠ ᠪᠠ ᠠᠵᠤ ᠦᠢᠯᠡᠰ ᠤᠨ ᠬᠥᠭᠵᠢᠯᠲᠡ ᠳᠤ ᠰᠢᠨ᠎ᠡ ᠦᠯᠢᠭᠡᠷ ᠵᠢᠱᠢᠶ᠎ᠡ ᠪᠤᠯᠵᠤ ᠪᠠᠶᠢᠨ᠎ᠠ᠃  
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号