ᠬᠤᠪᠢᠯᠭᠠᠨ ᠣᠩᠭᠤᠴᠠ ᠬᠤᠷᠢᠳᠤᠭᠠᠷ ᠢ 4 ᠳ᠋ᠦ᠋ᠭᠡᠷ ᠰᠠᠷ᠎ᠠ ᠶᠢᠨ 24 ᠤ ᠡᠳᠦᠷ ᠤᠨ 17 ᠴᠠᠭ 17 ᠮᠢᠨᠦ᠋ᠲ ᠲᠤ ᠬᠠᠷᠪᠤᠬᠤ ᠪᠠᠷ ᠲᠣᠭᠲᠠᠪᠠ︕ ᠡᠳᠡᠭᠡᠷ ᠰᠠᠨᠰᠠᠷᠴᠢᠳ ᠪᠣᠢ
ᠨᠡᠶᠢᠲᠡᠯᠡᠭᠰᠡᠨ ᠴᠠᠭ᠄
2025/4/24
       4 ᠳ᠋ᠦ᠋ᠭᠡᠷ ᠰᠠᠷ᠎ᠠ ᠶᠢᠨ 23 ᠤ ᠡᠳᠦᠷ᠂ ᠬᠤᠪᠢᠯᠭᠠᠨ ᠣᠩᠭᠤᠴᠠ ᠬᠤᠷᠢᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢᠨ ᠨᠢᠰᠦᠯᠲᠡ ᠶᠢᠨ ᠡᠭᠦᠷᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠪᠢᠯᠭᠠᠨ ᠣᠩᠭᠤᠴᠠ ᠬᠤᠷᠢᠳᠤᠭᠠᠷ ᠢ 4 ᠳ᠋ᠦ᠋ᠭᠡᠷ ᠰᠠᠷ᠎ᠠ ᠶᠢᠨ 24 ᠤ ᠡᠳᠦᠷ ᠤᠨ 17 ᠴᠠᠭ 17 ᠮᠢᠨᠦ᠋ᠲ ᠲᠤ ᠬᠠᠷᠪᠤᠬᠤ ᠪᠠᠷ ᠲᠣᠭᠲᠠᠪᠠ᠃       ᠬᠤᠪᠢᠯᠭᠠᠨ ᠣᠩᠭᠤᠴᠠ ᠬᠤᠷᠢᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢᠨ ᠰᠠᠨᠰᠠᠷᠴᠢᠳ ᠤᠨ ᠳᠤᠭᠤᠶᠢᠯᠠᠩ ᠨᠢ ᠴᠧᠨ ᠳ᠋ᠦᠩ᠂ ᠴᠧᠨ ᠵᠥᠩ ᠷᠦᠢ᠂ ᠸᠠᠩ ᠵᠢᠶᠧ ᠪᠠᠷ ᠪᠦᠷᠢᠯᠳᠦᠵᠦ᠂ ᠴᠧᠨ ᠳ᠋ᠦᠩ ᠵᠢᠯᠣᠭᠤᠳᠤᠭᠴᠢ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ ᠳᠤᠭᠤᠶᠢᠯᠠᠩ ᠳᠤ ᠰᠠᠨᠰᠠᠷ ᠠᠶᠠᠯᠠᠯ ᠤᠨ ᠵᠢᠯᠣᠭᠤᠳᠤᠭᠴᠢ 2᠂ ᠨᠢᠰᠦᠯᠲᠡ ᠶᠢᠨ ᠢᠨᠵᠧᠨᠧᠷ 1 ᠪᠠᠶᠢᠵᠤ᠂ ᠴᠧᠨ ᠳ᠋ᠦᠩ ᠤᠳᠠᠯ ᠦᠭᠡᠢ ᠬᠤᠶᠠᠳᠠᠭᠴᠢ ᠪᠦᠯᠦᠭ ᠤᠨ ᠰᠠᠨᠰᠠᠷᠴᠢᠨ ᠳᠣᠲᠣᠷᠠᠬᠢ 3 ᠤᠳᠠᠭ᠎ᠠ ᠰᠠᠨᠰᠠᠷ ᠢᠶᠠᠷ ᠠᠶᠠᠯᠠᠭᠰᠠᠨ ᠠᠩᠬᠠᠳᠠᠭᠴᠢ ᠰᠠᠨᠰᠠᠷᠴᠢᠨ ᠪᠣᠯᠬᠤ ᠭᠡᠵᠦ ᠪᠠᠶᠢᠨ᠎ᠠ᠂ ᠴᠧᠨ ᠵᠥᠩ ᠷᠦᠢ᠂ ᠸᠠᠩ ᠵᠢᠶᠧ ᠨᠢ ᠴᠥᠮ ᠭᠤᠷᠪᠠᠳᠠᠭᠴᠢ ᠪᠦᠯᠦᠭ ᠤᠨ ᠰᠠᠨᠰᠠᠷᠴᠢᠨ ᠪᠠᠶᠢᠵᠤ᠂ ᠬᠤᠪᠢ ᠬᠥᠮᠥᠨ ᠤ ᠠᠩᠬᠠᠳᠠᠭᠴᠢ ᠰᠠᠨᠰᠠᠷ ᠠᠶᠠᠯᠠᠯ ᠢᠶᠠᠨ ᠡᠬᠢᠯᠡᠭᠦᠯᠬᠦ ᠭᠡᠵᠦ ᠪᠠᠶᠢᠨ᠎ᠠ᠃
微信图片_20250424165251.jpg
微信图片_20250424165311.jpg
微信图片_20250424165316.jpg
微信图片_20250424165304.jpg
 
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号