5 ᠰᠠᠷ᠎ᠠ ᠶᠢᠨ 15 ᠠᠴᠠ 17 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠯᠢᠦ ᠰᠢᠶᠤᠤ ᠮᠢᠨ ᠪᠦᠯᠬᠦᠮ ᠳᠠᠭᠠᠭᠤᠯᠤᠨ ᠪᠡᠭᠡᠵᠢᠩ ᠬᠤᠲᠠ᠂ ᠾᠧᠪᠧᠶ ᠮᠤᠵᠢ ᠶᠢᠨ ᠪᠤᠤ | ᠳ᠋ᠢᠩ ᠬᠤᠲᠠ ᠵᠡᠷᠭᠡ ᠭᠠᠵᠠᠷ ᠢᠶᠠᠷ ᠬᠦᠷᠴᠦ ᠠᠷᠠᠯᠵᠢᠶᠠᠴᠢᠨ ᠤᠷᠢᠬᠤ ᠠᠵᠢᠯ ᠢ ᠪᠠᠶᠢᠴᠠᠭᠠᠨ ᠰᠤᠳᠤᠯᠤᠭᠰᠠᠨ ᠪᠠᠶᠢᠨ᠎ᠠ᠃ | ᠬᠤᠰᠢᠭᠤ ᠳᠡᠳ᠋ ᠳᠠᠷᠤᠭ᠎ᠠ ᠰᠢᠤᠢ ᡁᠢ ᠬᠤᠩ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ | ᠵᠢᠱᠢᠭᠳᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠵᠠᠩ ᠵᠢᠶᠦ᠋ᠨ ᠵᠢᠴᠢ ᠵᠠᠰᠠᠭ ᠤᠨ | ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠠᠵᠢᠯᠯᠠᠭ᠎ᠠ | ᠳᠤ ᠣᠷᠣᠯᠴᠠᠵᠠᠶ᠃ | ᠯᠢᠦ ᠰᠢᠶᠤᠤ ᠮᠢᠨ ᠨᠡᠷ ᠤᠷᠢᠳ ᠬᠤᠵᠢᠳ ᠪᠡᠭᠡᠵᠢᠩ ᠤᠨ ᠰᠦᠸᠧ ᠶᠢᠩ ᠴᠠᠬᠢᠯᠭᠠᠨ ᠤ ᠮᠡᠷᠭᠡᠵᠢᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠾᠧᠪᠸᠢ ᠶᠢᠨ ᠪᠢ ᠡᠸᠦ ᠲᠧ ᠴᠠᠬᠢᠯᠭᠠᠨ ᠤ ᠬᠢᠵᠠᠭᠠᠷᠲᠤ ᠺᠣᠮᠫᠠᠨᠢ | ᠪᠠᠷ ᠬᠦᠷᠴᠦ᠂ ᠡᠨᠧᠷᠭᠢ ᠬᠠᠳᠠᠭᠠᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠬᠠᠮᠲᠤᠷᠠᠯᠴᠠᠭ᠎ᠠ᠂ ᠬᠦᠴᠦᠳᠡᠯ | ᠥᠭᠡᠷᠡᠴᠢᠯᠡᠭᠴᠢ ᠪᠣᠯᠤᠨ ᠪᠠᠭᠠᠨ᠎ᠠ ᠦᠢᠯᠡᠳᠪᠦᠷᠢᠯᠡᠬᠦ ᠲᠦᠷᠦᠯ ᠵᠦᠢᠯ ᠤᠨ ᠲᠤᠬᠠᠢ ᠪᠠᠶᠢᠴᠠᠭᠠᠨ ᠰᠤᠳᠤᠯᠵᠤ᠂ | ᠰᠦᠸᠧ ᠶᠢᠩ ᠴᠠᠬᠢᠯᠭᠠᠨ ᠤ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠡᠨᠧᠷᠭᠢ | ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠶᠯ ᠤᠨ ᠲᠤᠬᠠᠶ ᠬᠠᠮᠲᠤᠷᠠᠯᠴᠠᠭᠠᠨ ᠤ ᠠᠩᠬ᠎ᠠ ᠠᠯᠬᠤᠮ ᠤᠨ | ᠵᠥᠪᠯᠡᠯᠴᠡᠭᠡᠷ ᠲᠤᠭᠳᠠᠵᠤ᠂ ᠪᠢ ᠧᠦ ᠲᠧ ᠴᠠᠬᠢᠯᠭᠠᠨ ᠤ ᠬᠢᠵᠠᠭᠠᠷᠲᠤ ᠺᠣᠮᠫᠠᠨᠢ ᠲᠠᠢ ᠬᠦᠴᠦᠳᠡᠯ ᠥᠭᠡᠷᠡᠴᠢᠯᠡᠭᠴᠢ | ᠪᠣᠯᠤᠨ ᠪᠠᠭᠠᠨ᠎ᠠ ᠦᠢᠯᠡᠳᠪᠦᠷᠢᠯᠡᠬᠦ ᠲᠥᠷᠥᠯ ᠵᠦᠶᠯ ᠤᠨ ᠲᠤᠬᠠᠶ ᠬᠠᠮᠳᠤᠷᠠᠨ ᠠᠵᠢᠯᠯᠠᠬᠤ ᠰᠠᠨᠠᠮᠵᠢ ᠳᠤᠭᠳᠠᠭᠰᠠᠨ | ᠪᠠᠶᠢᠨ᠎ᠠ᠃ | ᠯᠢᠦ ᠰᠢᠶᠤᠤ ᠮᠢᠨ ᠬᠡᠯᠡᠬᠦ ᠳᠡᠭᠡᠨ᠂ ᠤᠢᠢᠷ᠎ᠠ ᠶᠢᠨ ᠵᠢᠯ ᠰᠢᠯᠤᠭᠤᠨ ᠬᠦᠬᠡ ᠬᠤᠰᠢᠭᠤ ᠪᠣᠬᠢᠷᠲᠤᠯ ᠦᠭᠡᠢ | ᠳᠤᠤᠷ᠎ᠠ ᠨᠡᠭᠦᠷᠡᠰᠦᠳᠦ᠋ᠷᠦᠭᠴᠢᠳᠦ ᠬᠡᠯᠪᠡᠷᠢ ᠳᠡᠰᠢ ᠬᠤᠪᠢᠷᠠᠭᠤᠯᠬᠤ ᠠᠵᠠ ᠲᠣᠬᠢᠶᠠᠯ ᠢ ᠭᠦᠢᠴᠡᠳ ᠡᠵᠡᠮᠳᠡᠵᠦ᠂ | ᠰᠢᠨ᠎ᠡ ᠡᠨᠧᠷᠭᠢ ᠶᠢᠨ ᠠᠵᠤ ᠦᠢᠯᠡᠰ᠂ ᠡᠨᠧᠷᠭᠢ ᠲᠣᠨᠣᠭᠯᠠᠯ ᠦᠢᠯᠡᠳᠬᠦ ᠠᠵᠤ ᠦᠢᠯᠡᠰ ᠤᠨ ᠬᠥᠭᠵᠢᠯᠲᠡ ᠶᠢ | ᠰᠠᠶᠢᠳᠤᠷ ᠠᠬᠢᠭᠤᠯᠵᠤ ᠪᠤᠢ᠃ ᠬᠤᠶᠠᠷ ᠲᠠᠯ᠎ᠠ ᠪᠠᠷ ᠢᠶᠠᠨ ᠠᠵᠤ ᠦᠶᠯᠡᠰ ᠤᠨ ᠳᠠᠪᠠᠭᠤᠯᠢᠭ ᠪᠣᠯᠤᠨ ᠲᠥᠷᠥ ᠶᠢᠨ | ᠪᠣᠳᠣᠯᠭ᠎ᠠ ᠶᠢᠨ ᠠᠵᠠ ᠲᠣᠬᠢᠶᠠᠯ ᠢ ᠭᠦᠶᠴᠡᠳ ᠡᠵᠡᠮᠳᠡᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ | ᠥᠷᠲᠡᠭᠡ᠂ ᠡᠨᠧᠷᠭᠢ ᠶᠢᠨ ᠲᠣᠨᠣᠭᠯᠠᠯ ᠦᠶᠯᠡᠳᠬᠦ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠵᠦ᠂ ᠲᠥᠷᠥᠯ ᠵᠦᠶᠯ | ᠤᠨ ᠤᠷᠢᠳᠠᠴᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠪᠠ ᠠᠵᠤ ᠠᠬᠤᠶᠢᠯᠠᠯ | ᠤᠨ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠯᠡ᠃ | |