ᠰᠢᠯᠤᠭᠤᠨ ᠬᠥᠬᠡ ᠬᠤᠰᠢᠭᠤᠨ ᠤ ᠬᠡᠰᠡᠭ ᠰᠤᠷᠭᠠᠭᠤᠯᠢ ︽ᠤᠮᠠᠷᠠᠲᠤ ᠬᠢᠯᠢ ᠶᠢᠨ ᠨᠤᠮᠢᠨ ᠨᠣᠭᠤᠭᠠᠨ︾ ᠭᠤᠤᠯ ᠰᠡᠳᠦᠪᠳᠤ ᠠᠵᠢᠯᠯᠠᠭ᠎ᠠ ᠦᠷᠨᠢᠬᠦᠯᠦᠯ᠎ᠡ
ᠨᠡᠶᠢᠲᠡᠯᠡᠭᠰᠡᠨ ᠴᠠᠭ᠄
2025/5/19
      ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠵᠤ᠂ ᠰᠤᠷᠭᠠᠭᠤᠯᠢ ᠶᠢᠨ ᠬᠤᠭᠤᠷᠣᠨᠳᠣᠬᠢ ᠭᠦᠨᠵᠡᠭᠡᠶ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 16᠎ ᠤ ᠡᠳᠦᠷ᠂ ᠰᠢᠯᠤᠭᠤᠨ ᠬᠥᠬᠡ ᠬᠤᠰᠢᠭᠤᠨ ᠤ ᠬᠡᠰᠡᠭ ᠳᠤᠮᠳᠠᠳᠤ ᠪᠠᠭ᠎ᠠ ᠰᠤᠷᠭᠠᠭᠤᠯᠢ ᠬᠠᠮᠲᠤᠷᠠᠨ ︽ᠤᠮᠠᠷᠠᠲᠤ ᠬᠢᠯᠢ ᠶᠢᠨ ᠨᠤᠮᠢᠨ ᠨᠣᠭᠤᠭᠠᠨ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠪᠠᠷ᠂ ᠰᠠᠩ ᠤᠨ ᠲᠡᠯᠡᠶ ᠰᠤᠷᠭᠠᠭᠤᠯᠢ᠂ ᠬᠠᠪᠢᠷᠭ᠎ᠠ ᠪᠠᠭ᠎ᠠ ᠰᠤᠷᠭᠠᠭᠤᠯᠢ᠂ ᠪᠤᠷᠤᠬᠤᠳᠠ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠨᠠᠮ ᠤᠨ ᠭᠡᠰᠢᠭᠦᠨ ᠪᠠᠭᠰᠢ ᠠᠵᠢᠯᠳᠠᠨ᠂ ᠰᠤᠷᠤᠭᠴᠢᠳ ᠤᠨ ᠲᠥᠯᠥᠭᠡᠯᠡᠭᠴᠢ ᠬᠠᠮᠲᠤ ᠪᠠᠷ ᠮᠤᠳᠤ ᠳᠠᠷᠢᠵᠦ᠂ ᠦᠨᠳᠦᠰᠦᠲᠡᠨ ᠨᠦᠭᠦᠳ ᠎ ᠤᠨ ᠪᠠᠭᠰᠢ ᠰᠤᠷᠤᠭᠴᠢᠳ ᠠᠨᠠᠷ ᠤᠨ ᠦᠷ᠎ᠡ ᠰᠢᠭ ᠨᠢᠭᠲᠠᠷᠠᠨ᠂ ᠬᠥᠳᠡᠯᠮᠦᠷᠢ ᠦᠢᠯᠡᠳᠦᠯᠭᠡ ᠪᠣᠯᠤᠨ ᠰᠤᠷᠭᠠᠭᠤᠯᠢ ᠎ ᠶᠢᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠶᠢ ᠪᠡᠯᠭᠡᠳᠡᠵᠦ᠂ ᠦᠢᠯᠡᠳᠦᠯᠭᠡ ᠶᠢᠨ ᠳᠤᠮᠳᠠ ᠦᠨᠳᠦᠰᠦᠲᠡᠨ ᠤ ᠪᠦᠯᠬᠦᠮᠳᠡᠯ ᠪᠣᠯᠤᠨ ᠠᠮᠢ ᠠᠬᠤᠢ ᠶᠢᠨ ᠪᠣᠯᠪᠠᠰᠤᠨ ᠤ ᠤᠢᠢᠯᠠᠭᠠᠭᠳᠠᠬᠤᠨ ᠢ ᠵᠤᠵᠠᠭᠠᠳᠬᠠᠵᠠᠢ᠃      ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯᠯᠡᠭᠡ ᠪᠠᠷ᠂ ᠬᠤᠶᠠᠳᠤᠭᠠᠷ ᠳᠤᠮᠳᠠᠳᠤ ᠰᠤᠷᠭᠠᠭᠤᠯᠢ ᠪᠤᠯᠤᠨ ᠰᠠᠩ ᠤᠨ ᠲᠡᠯᠡᠶ ᠰᠤᠷᠭᠠᠭᠤᠯᠢ ᠶᠢᠨ ᠬᠤᠶᠠᠷ ᠪᠠᠭᠰᠢ ᠠᠴᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠰᠠᠭᠤᠷᠢᠯᠠᠭᠰᠠᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠷᠤᠵᠤ᠂ ᠰᠤᠷᠤᠭᠴᠢᠳ ᠢ ᠵᠢᠯᠤᠭᠤᠳᠤᠨ ᠨᠤᠲᠤᠭ ᠤᠰᠤᠨ ᠤ ᠣᠷᠴᠢᠨ ᠲᠣᠭᠤᠷᠢᠨ ᠢ ᠬᠠᠶᠢᠷᠠᠯᠠᠬᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠤᠬᠠᠮᠰᠠᠷ ᠢ ᠴᠢᠩᠭᠠᠳᠬᠠᠭᠰᠠᠨ ᠪᠠᠶᠢᠨ᠎ᠠ᠃      ᠳᠠᠷᠠᠭ᠎ᠠ ᠨᠢ ᠰᠠᠩ ᠤᠨ ᠳᠠᠯᠠᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠳᠤ ︽ᠠᠨᠠᠷ ᠤᠨ ᠦᠷ᠎ᠡ ᠦᠨᠳᠦᠰᠦᠲᠡᠨ ᠤ ᠰᠡᠳᠬᠢᠯᠭᠡ ᠶᠢ ᠵᠢᠷᠤᠭᠯᠠᠬᠤ︾ ᠠᠵᠢᠯᠯᠠᠭ᠎ᠠ ᠦᠷᠨᠢᠬᠦᠯᠵᠦ᠂ ᠰᠤᠷᠤᠭᠴᠢᠳ ᠬᠠᠮᠳᠤ ᠪᠠᠷ ᠦᠨᠳᠦᠰᠦᠲᠡᠨ ᠤ ᠪᠦᠯᠬᠦᠮᠳᠡᠯ ᠤᠨ ᠲᠤᠬᠠᠢ ᠵᠢᠷᠤᠭᠯᠠᠵᠤ᠂ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠢᠯᠡᠳᠭᠡᠯ᠎ᠡ᠃ ᠣᠯᠠᠨ ᠢᠶᠠᠷ ᠢᠶᠠᠨ ᠬᠠᠷᠢᠯᠴᠠᠨ ᠬᠠᠮᠵᠢᠯᠴᠠᠨ ᠬᠠᠮᠲᠤ ᠪᠠᠷ ᠵᠣᠬᠢᠶᠠᠨ ᠪᠦᠲᠦᠭᠡᠵᠦ᠂ ᠪᠥᠬᠦ ᠬᠤᠰᠢᠭᠤᠨ ᠤ ᠵᠠᠯᠠᠭᠤᠴᠤᠳ ᠪᠠᠭᠠᠴᠤᠳ ᠤᠨ ᠰᠤᠯᠢᠯᠴᠠᠭ᠎ᠠ ᠶᠠᠪᠤᠯᠴᠠᠭ᠎ᠠ ᠶᠢ ᠠᠮᠢᠳᠤᠯᠢᠭ ᠢᠶᠠᠷ ᠳᠡᠯᠭᠡᠨ ᠦᠵᠡᠭᠦᠯᠦᠭᠰᠡᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠢᠭᠡᠳ ᠠᠮᠢ ᠠᠬᠤᠶ ᠶᠢᠨ ᠪᠣᠯᠪᠠᠰᠤᠨ ᠤ ᠬᠥᠮᠦᠵᠢᠯ ᠢ ᠣᠷᠭᠠᠨᠢᠭ ᠢᠶᠠᠷ ᠠᠭᠤᠰᠤᠯᠴᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠤᠯᠠᠨ ᠤ ᠰᠡᠳᠬᠢᠯ ᠳᠤ ᠬᠠᠳᠠᠩᠰᠢᠭᠤᠯᠤᠭᠰᠠᠨ ᠪᠠᠶᠢᠨ᠎ᠠ᠃ ᠡᠨᠡ ᠵᠢᠯ᠂ ᠰᠤᠷᠭᠠᠨ ᠬᠥᠮᠦᠵᠢᠯ ᠤᠨ ᠰᠢᠰᠲ᠋ᠧᠮ ᠠᠴᠠ ︽ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾᠎ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠴᠢᠶᠡᠯ ᠤᠨ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠠᠭᠤᠷᠢᠨ ᠳᠡᠭᠡᠷ᠎ᠡ ᠮᠠᠨ ᠤ ᠬᠤᠰᠢᠭᠤᠨ ᠤ ᠨᠡᠶᠢᠭᠡᠮ ᠠᠵᠤ ᠠᠬᠤᠶ ᠰᠣᠶᠣᠯ ᠤᠨ ᠬᠥᠭᠵᠢᠯᠲᠡ ᠲᠠᠢ ᠨᠢᠭᠲᠠ ᠬᠤᠯᠪᠣᠭ᠎ᠠ ᠪᠦᠬᠦᠢ ᠰᠡᠳᠦᠪ ᠢ ᠰᠣᠩᠭᠤᠵᠤ᠂ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠪᠠᠷ ᠰᠤᠳᠤᠯᠤᠨ ᠰᠤᠷᠤᠯᠴᠠᠬᠤ︾᠂ ︽ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ︾ ᠵᠡᠷᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠭᠤᠤᠯᠳᠠᠯᠭ᠎ᠠ ᠲᠠᠢ ᠦᠷᠨᠢᠬᠦᠯᠵᠦ᠂ ᠰᠤᠷᠤᠭᠴᠢᠳ ᠲᠤ ᠮᠡᠳᠡᠯᠭᠡ ᠬᠦᠷᠲᠡᠭᠡᠬᠦ ᠶᠢᠨ ᠵᠡᠷᠭᠡᠳᠡ ᠨᠤᠲᠤᠭ ᠤᠰᠤᠨ ᠤ ᠰᠣᠶᠣᠯ ᠢ ᠣᠶᠢᠯᠠᠭᠠᠭᠤᠯᠵᠤ᠂ ᠤᠯᠤᠰ ᠣᠷᠣᠨ ᠤ ᠬᠠᠶᠢᠷ᠎ᠠ ᠰᠡᠳᠬᠢᠯᠭᠡ ᠶᠢ ᠬᠦᠮᠦᠵᠢᠬᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号