ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ 3 ᠳ᠋ᠤᠭᠠᠷ ᠠᠩᠭᠢ ᠮᠣᠳᠣ ᠲᠠᠷᠢᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/19
       ᠬᠡᠦᠬᠡᠳ ᠤᠳ ᠢ ᠬᠦᠳᠡᠯᠮᠦᠷᠢ ᠳᠤ ᠤᠷᠤᠯᠴᠠᠭᠤᠯᠵᠤ᠂ ᠡᠬᠡ ᠪᠠᠶᠢᠭᠠᠯᠢ ᠪᠠᠨ ᠬᠠᠶᠢᠷᠠᠯᠠᠬᠤ᠂ ᠠᠮᠢ ᠠᠬᠤᠶ ᠣᠷᠴᠢᠨ ᠲᠣᠭᠤᠷᠢᠨ ᠢᠶᠠᠨ ᠬᠠᠮᠠᠭᠠᠯᠠᠬᠤ ᠣᠬᠠᠮᠰᠠᠷ ᠲᠠᠢ ᠪᠤᠯᠭᠠᠨ ᠬᠦᠮᠦᠵᠢᠬᠦᠯᠬᠦ ᠶᠢᠨ ᠲᠥᠯᠥᠭᠡ᠂ 5 ᠰᠠᠷ᠎ᠠ ᠶᠢᠨ 15᠎ ᠤ ᠡᠳᠦᠷ ᠰᠢᠯᠤᠭᠤᠨ ᠬᠥᠬᠡ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠤᠶᠠᠳᠤᠭᠠᠷ ᠣᠨ ᠤ 3 ᠳ᠋ᠤᠭᠠᠷ ᠠᠩᠭᠢ ︽ᠡᠬᠡ ᠪᠠᠶᠢᠭᠠᠯᠢ ᠤᠷᠴᠢᠨ ᠠᠬᠤᠢ ᠪᠠᠨ ᠬᠠᠶᠢᠷᠠᠯᠠᠬᠤ︾ ᠮᠣᠳᠣ ᠳᠠᠷᠢᠬᠤ ᠠᠵᠢᠯᠯᠠᠭ᠎ᠠ ᠥᠷᠨᠢᠭᠦᠯᠪᠡ᠃     ᠦᠳᠡ ᠶᠢᠨ ᠡᠮᠦᠨ᠎ᠡ᠂ ᠬᠡᠦᠬᠡᠳ ᠤᠳ ᠪᠠᠶᠠᠷᠯᠠᠵᠤ ᠳᠣᠭᠳᠣᠯᠤᠭᠰᠠᠨ ᠰᠡᠳᠬᠢᠯᠭᠡ ᠪᠠᠷ ᠠᠩᠬᠢ ᠶᠢᠨ ᠪᠠᠭᠰᠢ ᠪᠣᠯᠤᠨ ᠬᠡᠰᠡᠭ ᠭᠡᠷ ᠤᠨ ᠠᠬᠠᠮᠠᠳ ᠤᠨ ᠬᠠᠮᠳᠤ ᠱᠠᠩᠳᠤ ᠪᠠᠯᠭᠠᠰᠤᠨ ᠤ ᠪᠠᠶᠠᠩᠭᠤᠤᠯ ᠭᠠᠴᠠᠭᠠᠨ ᠳᠤ ᠬᠦᠷᠴᠦ ᠢᠷᠡᠯ᠎ᠡ᠃ ᠠᠩᠬᠢ ᠶᠢᠨ ᠪᠠᠭᠰᠢ ᠠᠴᠠ ᠮᠣᠳᠣ ᠲᠠᠷᠢᠬᠤ ᠠᠷᠭ᠎ᠠ᠂ ᠮᠣᠳᠣ ᠲᠠᠷᠢᠵᠤ ᠣᠶᠢᠵᠢᠭᠤᠯᠬᠤ ᠶᠢᠨ ᠠᠴᠢ ᠬᠤᠯᠪᠣᠭᠳᠠᠯ ᠢ ᠨᠠᠷᠢᠨ ᠲᠠᠶᠢᠯᠪᠤᠷᠢᠯᠠᠵᠤ ᠦᠭᠭᠦᠭᠰᠡᠨ ᠤ ᠳᠠᠷᠠᠭ᠎ᠠ ᠬᠡᠦᠬᠡᠳ ᠤᠳ ᠤᠶᠢᠵᠢᠭᠤᠯᠤᠯᠳᠠ ᠶᠢᠨ ᠠᠵᠢᠯ ᠎ ᠳᠠᠭᠠᠨ ᠭᠠᠪᠰᠢᠭᠠᠶᠢᠯᠠᠨ᠂ ᠵᠠᠷᠢᠮ ᠨᠢ ᠪᠢᠴᠢᠬᠠᠨ ᠬᠦᠷᠵᠡ ᠪᠠᠷ ᠢᠶᠠᠨ ᠨᠦᠭᠡ ᠮᠠᠯᠳᠠᠬᠤ ᠳᠤ᠂ ᠵᠠᠷᠢᠮ ᠨᠢ ᠨᠢᠯᠬ᠎ᠠ ᠮᠤᠳᠤ ᠶᠢ ᠨᠦᠭᠡᠨ ᠳᠤ ᠬᠢᠵᠦ ᠰᠢᠷᠤᠢ ᠪᠠᠷ ᠪᠤᠯᠠᠨ᠂ ᠠᠬᠤᠢ ᠲᠠᠯᠠᠪᠠᠢ ᠳᠤ ᠬᠡᠦᠬᠡᠳ ᠤᠳ ᠤᠨ ᠪᠠᠶᠠᠷᠯᠠᠵᠤ ᠬᠦᠭᠡᠷᠦᠯᠳᠦᠭᠰᠡᠨ ᠳᠠᠭᠤᠨ ᠢᠶᠠᠷ ᠪᠢᠯᠬᠠᠵᠤ ᠪᠠᠶᠢᠯ᠎ᠠ᠃      ᠲᠤᠰ ᠤᠳᠠᠭᠠᠨ ᠤ ᠮᠣᠳᠣ ᠲᠠᠷᠢᠬᠤ ᠠᠵᠢᠯᠯᠠᠭ᠎ᠠ ᠨᠢ ᠬᠡᠦᠬᠡᠳ ᠤᠳ ᠲᠤ ᠨᠢᠭᠡ ᠤᠳᠠᠭᠠᠨ ᠤ ᠡᠬᠡ ᠪᠠᠶᠢᠭᠠᠯᠢ ᠎ ᠲᠠᠢ ᠣᠶᠢᠷᠠᠳᠬᠤ ᠲᠣᠬᠢᠶᠠᠯ ᠬᠠᠩᠭᠠᠭᠰᠠᠨ ᠢᠶᠠᠷ ᠪᠠᠷᠠᠬᠤ ᠦᠭᠡᠢ ᠨᠡᠩ ᠴᠤ ᠨᠢᠭᠡ ᠤᠳᠠᠭᠠᠨ ᠤ ᠬᠥᠳᠡᠯᠮᠦᠷᠢ ᠦᠢᠯᠡᠳᠦᠯᠭᠡ ᠶᠢᠨ ᠬᠢᠴᠢᠶᠡᠯ ᠪᠤᠯᠤᠭᠰᠠᠨ ᠪᠠᠶᠢᠨ᠎ᠠ᠃ ᠤᠯᠠᠨ ᠢᠶᠠᠷ ᠢᠶᠠᠨ ᠪᠡᠶᠡᠴᠢᠯᠡᠨ ᠤᠷᠤᠯᠴᠠᠬᠤ ᠪᠠᠷ ᠳᠠᠮᠵᠢᠭᠠᠳ ᠤᠷᠴᠢᠨ ᠠᠬᠤᠢ ᠪᠠᠨ ᠬᠠᠶᠢᠷᠠᠯᠠᠨ ᠬᠠᠮᠠᠭᠠᠯᠠᠬᠤ᠂ ᠮᠣᠳᠣ ᠲᠠᠷᠢᠵᠤ ᠣᠶᠢᠵᠢᠭᠤᠯᠬᠤ ᠶᠢᠨ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠭᠰᠠᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号