ᠬᠡᠦᠬᠡᠳ ᠤᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠡᠷᠭᠡᠶᠢᠯᠡᠯᠲᠡ ᠶᠢᠨ ᠴᠢᠳᠠᠪᠤᠷᠢ ᠶᠢ | ᠳᠡᠭᠡᠭᠰᠢᠯᠡᠬᠦᠯᠬᠦ ᠶᠢᠨ ᠲᠤᠰᠠᠳᠠ 5 ᠰᠠᠷ᠎ᠠ ᠶᠢᠨ 14 ᠤ ᠦᠳᠡ ᠶᠢᠨ ᠬᠤᠶᠢᠨ᠎ᠠ ᠰᠢᠯᠤᠭᠤᠨ ᠬᠦᠭᠡ ᠬᠤᠰᠢᠭᠤᠨ ᠤ | ᠭᠤᠷᠪᠠᠳᠤᠭᠠᠷ ᠬᠡᠦᠬᠡᠳ ᠤᠨ ᠴᠡᠴᠡᠷᠯᠢᠭ ᠠᠴᠠ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠠᠰᠠᠭ ᠤᠨ ᠣᠷᠳᠣᠨ ᠤ ᠲᠤᠰᠬᠠᠶ ᠭᠠᠯ ᠤᠨᠲᠠᠷᠠᠭᠠᠬᠤ | ᠠᠪᠤᠷᠠᠨ ᠲᠤᠰᠠᠯᠠᠬᠤ ᠠᠩᠭᠢ᠂ ᠯᠠᠨ ᠲᠢᠶᠠᠨ ᠠᠪᠤᠷᠠᠨ ᠲᠤᠰᠠᠯᠠᠬᠤ ᠠᠩᠭᠢ ᠲᠠᠢ ᠬᠠᠮᠳᠤᠷᠠᠯᠴᠠᠨ ︽ᠬᠡᠦᠬᠡᠳ ᠤᠨ | ᠠᠮᠤᠷ ᠲᠦᠪᠰᠢᠨ ᠢ ᠬᠠᠮᠳᠤ ᠪᠠᠷ ᠰᠠᠬᠢᠨ ᠬᠠᠮᠠᠭᠠᠯᠠᠬᠤ︾ ᠰᠡᠳᠦᠪᠳᠤ ᠤᠰᠤᠨ ᠳᠤ ᠴᠠᠴᠠᠬᠤ ᠠᠴᠠ ᠰᠡᠷᠭᠡᠶᠢᠯᠡᠬᠦ | ᠠᠮᠤᠷ ᠲᠦᠪᠰᠢᠨ ᠤ ᠬᠥᠮᠦᠵᠢᠯ ᠤᠨ ᠲᠠᠶᠢᠯᠤᠮᠵᠢ ᠪᠤᠯᠤᠨ ᠰᠣᠷᠢᠯᠲᠠ ᠦᠷᠨᠢᠬᠦᠯᠦᠯ᠎ᠡ᠃ | ᠠᠵᠢᠯᠯᠠᠭ᠎ᠠ ᠪᠠᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠭᠢ ᠶᠢᠨ ᠪᠠᠶᠢᠯᠳᠤᠭᠴᠢ ᠠᠴᠠ ᠬᠡᠦᠬᠡᠳ ᠤᠨ | ᠨᠠᠰᠤᠨ ᠤ ᠣᠨᠴᠠᠯᠢᠭ ᠲᠠᠢ ᠤᠶᠠᠯᠳᠤᠭᠤᠯᠤᠨ᠂ ᠤᠬᠤᠷ ᠹᠢᠯᠢᠮ ᠦᠵᠡᠬᠦᠯᠬᠦ᠂ ᠦᠯᠢᠭᠡᠷ ᠶᠠᠷᠢᠬᠤ᠂ ᠵᠢᠷᠤᠭ ᠰᠡᠬᠦᠳᠡᠷ | ᠦᠵᠡᠬᠦᠯᠬᠦ ᠵᠡᠷᠭᠡ ᠣᠯᠠᠨ ᠬᠡᠯᠪᠡᠷᠢ ᠪᠠᠷ ᠬᠡᠦᠬᠡᠳ ᠤᠳ ᠲᠤ ᠶᠡᠷᠦ ᠶᠢᠨ ᠠᠮᠢᠳᠤᠷᠠᠯ ᠳᠤᠮᠳᠠᠬᠢ ᠠᠮᠤᠷ ᠲᠦᠪᠰᠢᠨ ᠢ | ᠠᠩᠬᠠᠷᠬᠤ ᠵᠢᠴᠢ ᠲᠤᠯᠭᠠᠷᠠᠵᠤ ᠮᠡᠳᠡᠬᠦ ᠠᠶᠤᠯ ᠢ ᠤᠶᠢᠯᠠᠭᠠᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ | ᠠᠵᠢᠯᠲᠠᠳ ᠲᠤᠬᠠᠶ ᠶᠢᠨ ᠲᠠᠯᠠᠪᠠᠶ ᠳᠤ ᠠᠪᠤᠷᠠᠯᠳᠠ ᠶᠢᠨ ᠬᠤᠪᠴᠠᠰᠤ ᠶᠢ ᠵᠥᠪ ᠬᠡᠷᠡᠭᠯᠡᠬᠦ᠂ ᠤᠰᠤᠨ ᠳᠤ ᠤᠨᠠᠭᠰᠠᠨ | ᠬᠥᠮᠦᠰ ᠢ ᠠᠪᠤᠷᠬᠠᠤ᠂ ᠤᠰᠤᠨ ᠳᠤ ᠴᠠᠴᠠᠭᠰᠠᠨ ᠬᠥᠮᠦᠰ ᠲᠤ ᠵᠢᠷᠦᠬᠡ ᠠᠭᠤᠰᠬᠢᠨ ᠤ ᠰᠡᠷᠭᠦᠭᠡᠯᠲᠡ ᠬᠢᠬᠦ ᠵᠡᠷᠭᠡ | ᠲᠦᠷᠭᠡᠨ ᠠᠪᠤᠷᠠᠯᠳᠠ ᠶᠢᠨ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠪᠠᠭᠰᠢ ᠨᠠᠷ ᠲᠠᠶᠢᠯᠤᠮᠵᠢ ᠶᠢ ᠰᠤᠨᠤᠰᠤᠭᠰᠠᠨ ᠤ | ᠳᠠᠷᠠᠭ᠎ᠠ ᠪᠣᠳᠠᠲᠠᠶ ᠰᠣᠷᠢᠯᠲᠠ ᠳᠤ ᠤᠷᠤᠯᠴᠠᠵᠤ᠂ ᠲᠦᠷᠭᠡᠨ ᠠᠪᠤᠷᠠᠯᠳᠠ ᠶᠢᠨ ᠤᠷ᠎ᠠ ᠴᠢᠳᠠᠪᠤᠷᠢ ᠶᠢ ᠡᠵᠡᠮᠰᠢᠭᠰᠡᠨ | ᠪᠠᠶᠢᠨ᠎ᠠ᠃ | ᠲᠣᠰ ᠤᠳᠠᠭᠠᠨ ᠤ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠨᠢ ᠬᠡᠦᠬᠡᠳ ᠤᠳ ᠲᠤ ᠠᠮᠤᠷ | ᠲᠦᠪᠰᠢᠨ ᠤ ᠶᠡᠷᠦ ᠶᠢᠨ ᠮᠡᠳᠡᠯᠭᠡ ᠶᠢ ᠣᠶᠢᠯᠠᠭᠠᠭᠤᠯᠵᠤ᠂ ᠤᠰᠤᠨ ᠳᠤ ᠨᠠᠭᠠᠳᠬᠤ ᠳᠤ ᠠᠩᠬᠠᠷᠬᠤ ᠵᠦᠢᠯ ᠵᠢᠴᠢ | ᠡᠭᠦᠰᠴᠦ ᠮᠡᠳᠡᠬᠦ ᠠᠶᠤᠯ ᠲᠦᠭᠰᠢᠬᠦᠷᠢ ᠶᠢ ᠭᠦᠨᠵᠡᠭᠡᠶ ᠲᠠᠨᠢᠭᠤᠯᠤᠨ᠂ ᠥᠪᠡᠷ ᠢ ᠪᠠᠨ ᠬᠠᠮᠠᠭᠠᠯᠠᠵᠤ ᠥᠪᠡᠷ ᠢ ᠪᠠᠨ | ᠠᠪᠤᠷᠬᠠᠤ ᠵᠢᠴᠢ ᠵᠥᠪ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ᠂ ᠬᠡᠦᠬᠡᠳ ᠤᠨ ᠡᠷᠡᠭᠦᠯ | ᠢᠶᠠᠷ ᠦᠰᠦᠨ ᠪᠣᠶᠢᠵᠢᠬᠤ ᠰᠠᠭᠤᠷᠢ ᠶᠢ ᠪᠠᠳᠤᠳᠬᠠᠭᠰᠠᠨ ᠪᠠᠶᠢᠨ᠎ᠠ᠃ |