ᠪᠥᠬᠦ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠤᠨ ᠡᠬᠢᠯᠡᠯᠲᠡ ᠶᠢᠨ ᠶᠣᠰᠣᠯᠠᠯ ᠶᠠᠪᠤᠭᠳᠠᠯ᠎ᠠ
ᠨᠡᠶᠢᠲᠡᠯᠡᠭᠰᠡᠨ ᠴᠠᠭ᠄
2025/5/19
       ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2025 ᠣᠨ ᠤ ᠰᠢᠯᠤᠭᠤᠨ ᠬᠥᠬᠡ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠎ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾᠎ ᠤᠨ ᠡᠬᠢᠯᠡᠯᠲᠡ ᠶᠢᠨ ᠶᠣᠰᠣᠯᠠᠯ ᠵᠢᠴᠢ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠰᠣᠩᠭᠤᠳᠠᠭ ᠪᠦᠲᠦᠭᠡᠯ ᠤᠨ ᠤᠷᠠᠨ ᠤᠩᠰᠢᠯᠭ᠎ᠠ ᠶᠢᠨ ᠤᠷᠤᠯᠳᠤᠭᠠᠨ 5 ᠰᠠᠷ᠎ᠠ ᠎ ᠶᠢᠨ 12᠎ ᠤᠨ ᠡᠳᠦᠷ ᠴᠠᠭᠠᠨ ᠢᠳᠡᠭᠡᠨ ᠤ ᠵᠤᠭᠤᠭ ᠤᠨ ᠦᠷᠦᠭᠡᠨ ᠳᠤ ᠶᠠᠪᠤᠭᠳᠠᠯ᠎ᠠ᠃      ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠭᠠᠷᠳᠠᠴᠠ ᠪᠣᠯᠤᠨ᠎ᠠ᠃ ᠪᠥᠬᠦ ᠬᠤᠰᠢᠭᠤᠨ ᠤ ᠡᠯ᠎ᠡ ᠱᠠᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠤᠯᠭᠠᠨ᠂ ᠣᠯᠠᠨ ᠲᠠᠰ ᠳᠠᠪᠬᠤᠷᠭᠠᠲᠤ᠂ ᠥᠷᠭᠡᠨ ᠬᠡᠪᠴᠢᠶ᠎ᠠ ᠪᠦᠬᠦᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠭᠠᠴᠠᠭ᠎ᠠ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠎ ᠳᠤ ᠣᠷᠣᠭᠤᠯᠬᠤ᠂ ᠰᠣᠶᠣᠯ ᠵᠢᠭᠤᠯᠴᠢᠯᠠᠯ ᠤᠨ ᠲᠠᠯᠠᠪᠤᠷ ᠲᠤ ᠣᠷᠣᠭᠤᠯᠬᠤ᠂ ᠲᠣᠤᠷ ᠰᠦᠯᠵᠢᠶ᠎ᠡ ᠳᠤ ᠣᠷᠣᠭᠤᠯᠬᠤ ᠵᠡᠷᠭᠡ ᠶᠢ ᠳᠥᠯᠭᠢᠨ ᠠᠬᠢᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠪᠤᠯᠤᠨ᠎ᠠ᠃     ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠰᠣᠩᠭᠤᠳᠠᠭ ᠪᠦᠲᠦᠭᠡᠯ ᠤᠨ ᠤᠷᠠᠨ ᠤᠩᠰᠢᠯᠭ᠎ᠠ ᠶᠢᠨ ᠤᠷᠤᠯᠳᠤᠭᠠᠨ ᠶᠠᠪᠤᠭᠳᠠᠵᠤ᠂ ᠪᠠᠭᠰᠢ ᠠᠵᠢᠯᠳᠠᠳ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠬᠤᠪᠢᠶᠠᠨ ᠤᠷᠤᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠤᠩᠭᠤᠳᠠᠭ ᠪᠦᠲᠦᠭᠡᠯ ᠪᠠ ᠲᠠᠶᠢᠰᠠᠨ ᠤ ᠤᠷᠠᠯᠢᠭ ᠢ ᠬᠠᠷᠢᠯᠴᠠᠨ ᠤᠶᠠᠯᠳᠤᠭᠤᠯᠵᠤ ᠤᠯᠠᠨ ᠳᠤ ᠭᠤᠶᠢᠳᠠ ᠰᠠᠶᠢᠬᠠᠨ ᠦᠵᠡᠭᠦᠯᠪᠦᠷᠢ ᠨᠦᠭᠦᠳ ᠢ ᠬᠠᠷᠠᠭᠤᠯᠤᠭᠰᠠᠨ ᠪᠠᠶᠢᠨ᠎ᠠ᠃     ᠤᠷᠤᠯᠳᠤᠭᠠᠨ ᠠᠴᠠ ᠨᠢᠭᠡᠳᠦᠭᠡᠷ ᠳᠡᠰ᠂ ᠬᠤᠶᠠᠳᠤᠭᠠᠷ ᠳᠡᠰ᠂ ᠭᠤᠷᠪᠠᠳᠤᠭᠠᠷ ᠳᠡᠰ ᠪᠠ ᠰᠢᠯᠢᠳᠡᠭ ᠤᠷᠤᠯᠴᠠᠭᠴᠢ ᠶᠢ ᠱᠠᠩᠨᠠᠨ ᠵᠤᠷᠢᠭᠵᠢᠭᠤᠯᠤᠯ᠎ᠠ᠃      ᠲᠣᠰ ᠤᠳᠠᠭᠠᠨ ᠤ ᠠᠵᠢᠯᠯᠠᠭ᠎ᠠ ᠨᠢ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠲᠥᠷᠥ ᠶᠢᠨ ᠪᠣᠳᠣᠯᠭ᠎ᠠ ᠶᠢ ᠤᠬᠠᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ︾ ᠪᠠ ︽ᠦᠨᠳᠦᠰᠦᠲᠡᠨ ᠤ ᠬᠠᠤᠯᠢ ᠪᠠᠷ ᠵᠠᠰᠠᠬᠤ ᠶᠢ ᠤᠬᠠᠭᠤᠯᠬᠤ ᠭᠠᠷᠠᠭ︾᠎ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠥᠬᠡᠶ᠂ ᠨᠠᠩ ᠴᠤ ᠥᠷᠭᠡᠨ ᠣᠯᠠᠨ ᠪᠠᠭᠰᠢ ᠰᠤᠷᠤᠭᠴᠢᠳ ᠲᠤ ᠠᠪᠢᠶᠠᠰ ᠴᠢᠳᠠᠪᠤᠷᠢ ᠪᠠᠨ ᠢᠯᠡᠷᠡᠭᠦᠯᠬᠦ᠂ ᠰᠣᠩᠭᠤᠳᠠᠭ ᠪᠦᠲᠦᠭᠡᠯ ᠢ ᠦᠪᠯᠡᠨ ᠤᠯᠠᠮᠵᠢᠯᠠᠬᠤ ᠲᠠᠪᠴᠠᠩ ᠬᠠᠩᠭᠠᠵᠤ᠂ ᠰᠢᠯᠤᠭᠤᠨ ᠬᠥᠬᠡ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠢ ᠠᠬᠢᠭᠤᠯᠬᠤ ᠳᠤᠮᠳᠠᠬᠢ ᠢᠳᠡᠪᠬᠢᠲᠡᠶ ᠰᠥᠪᠡᠭᠴᠢᠯᠡᠯᠲᠡ ᠶᠢ ᠭᠦᠶᠴᠡᠳ ᠢᠯᠡᠷᠡᠭᠦᠯᠵᠦ᠂ ᠦᠨᠳᠦᠰᠦᠲᠡᠨ ᠤ ᠰᠣᠶᠣᠯ ᠤᠨ ᠮᠡᠳᠡᠷᠡᠮᠵᠢ ᠶᠢ ᠨᠡᠮᠡᠭᠳᠡᠭᠦᠯᠬᠦ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号