ᠤᠨᠴᠠ ᠤᠷᠢᠭᠰᠠᠨ ᠴᠢᠮᠡᠭᠡᠯᠡᠭᠴᠢ ᠪ᠊᠂ ᠪᠠᠯᠵᠤᠤᠷ | | ᠰᠢᠯᠤᠭᠤᠨ ᠬᠦᠬᠡ ᠬᠤᠰᠢᠭᠤ ᠡᠬᠡ ᠤᠯᠤᠰ ᠤᠨ ᠤᠮᠠᠷᠠᠳᠤ ᠬᠢᠵᠠᠭᠠᠷ ᠲᠤ ᠪᠠᠶᠢᠷᠢᠰᠢᠵᠦ ᠪᠠᠶᠢᠭ᠎ᠠ ᠬᠤᠰᠢᠭᠤ | ᠨᠤᠳᠤᠭ ᠪᠤᠯᠤᠭᠰᠠᠨ ᠤ ᠬᠤᠪᠢ ᠳᠤ ᠡᠯᠡᠰᠦ ᠮᠠᠩᠬ᠎ᠠ ᠶᠢ ᠨᠤᠮᠢᠨ ᠨᠤᠭᠤᠭᠠᠨ ᠦᠵᠡᠮᠵᠢᠳᠦ ᠴᠡᠴᠡᠷᠯᠢᠭ ᠪᠤᠯᠭᠠᠨ | ᠰᠡᠷᠭᠦᠭᠡᠬᠦ ᠠᠵᠢᠯ ᠢ ᠰᠠᠶᠢᠳᠤᠷ ᠬᠢᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠨ ᠤ ᠡᠯᠡᠰᠦᠷᠭᠡᠭᠵᠢᠯ ᠢ ᠦᠨᠳᠦᠰᠦᠨ | ᠠᠴᠠ ᠨᠢ ᠵᠠᠰᠠᠬᠤ ᠠᠵᠢᠯ ᠢ ᠡᠷᠴᠢ ᠬᠦᠴᠦᠳᠡᠢ ᠦᠷᠨᠢᠬᠦᠯᠵᠦ ᠪᠠᠶᠢᠨ᠎ᠠ᠃ | | ᠨᠠᠮ ᠵᠠᠰᠠᠭ ᠢᠳᠡᠪᠬᠢᠯᠡᠨ ᠤᠷᠤᠯᠴᠠᠵᠤ | ᠨᠤᠳᠤᠭ ᠤᠰᠤ ᠪᠠᠨ ᠦᠭᠡᠷᠡᠴᠢᠯᠡᠵᠦ ᠡᠬᠢᠯᠡᠪᠡ | | | ᠰᠢᠯᠤᠭᠤᠨ ᠬᠦᠭᠡ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ᠂ ᠺᠠᠳ᠋ᠷ ᠠᠵᠢᠯᠳᠠᠨ ᠠᠴᠠ ᠠᠪᠤᠭᠠᠳ | ᠬᠤᠰᠢᠭᠤ ᠡᠯ᠎ᠡ ᠬᠠᠷᠢᠶ᠎ᠠ ᠪᠠᠶᠢᠭᠤᠯᠭ᠎ᠠ ᠨᠢᠭᠡᠴᠢ ᠶᠢᠨ ᠠᠵᠢᠯᠳᠠᠨ ᠠᠵᠢᠯᠴᠢᠳ᠂ ᠡᠯ᠎ᠡ ᠰᠤᠷᠭᠠᠭᠤᠯᠢ ᠶᠢᠨ ᠡᠪᠯᠡᠯ ᠤᠨ | ᠡᠭᠦᠷ ᠤᠨ ᠦᠷᠭᠡᠨ ᠤᠯᠠᠨ ᠡᠪᠯᠡᠯ ᠤᠨ ᠬᠡᠰᠢᠬᠦᠨ ᠵᠠᠯᠠᠭᠤᠴᠤᠳ᠂ ᠰᠠᠶᠢᠨ ᠳᠤᠷᠠᠴᠤᠤᠯ ᠡᠨᠡ ᠬᠠᠪᠤᠷ ᠠᠴᠠ ᠨᠠᠰᠢ | ᠤᠯᠠᠨ ᠤᠳᠠᠭᠠᠨ ᠤ ᠪᠤᠷᠭᠠᠰᠤ ᠮᠤᠳᠤ ᠲᠠᠷᠢᠬᠤ ᠠᠵᠢᠯᠯᠠᠭ᠎ᠠ ᠦᠷᠨᠢᠬᠦᠯᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠨ | ᠤ ᠡᠬᠢ ᠶᠢ ᠵᠠᠰᠠᠬᠤ᠂ ᠨᠤᠮᠢᠨ ᠨᠤᠭᠤᠭᠠᠨ ᠦᠵᠡᠮᠵᠢᠳᠦ ᠴᠡᠴᠡᠷᠯᠢᠭ ᠪᠤᠯᠭᠠᠬᠤ ᠠᠵᠢᠯ ᠳᠤ ᠤᠷᠤᠯᠴᠠᠵᠤ ᠪᠤᠢ᠃ 4 | ᠳ᠋ᠤᠭᠡᠷ ᠰᠠᠷ᠎ᠠ ᠶᠢᠨ ᠡᠬᠢ ᠪᠠᠷ ᠬᠤᠰᠢᠭᠤ ᠡᠯ᠎ᠡ ᠪᠠᠶᠢᠭᠤᠯᠭ᠎ᠠ ᠪᠠ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ | ᠶᠢᠨ ᠡᠪᠯᠡᠯ ᠤᠨ ᠬᠡᠰᠢᠬᠦᠨ ᠵᠠᠯᠠᠭᠤᠴᠤᠳ ᠬᠠᠮᠳᠤ ᠬᠡᠶᠢᠪᠦᠩ ᠭᠤᠤᠯ ᠤᠨ ᠡᠯᠡᠰᠦᠷᠭᠡᠭ ᠭᠠᠵᠠᠷ ᠲᠤ ᠤᠶᠢᠵᠢᠭᠤᠯᠬᠤ | ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | | ᠡᠯᠡᠰᠦᠨ ᠳᠤ ᠰᠢᠩᠭᠡᠭᠰᠡᠨ ᠬᠦᠯᠦᠰᠦᠨ ᠳᠤᠰᠤᠯ | ᠡᠷᠴᠢ ᠵᠤᠷᠢᠭᠳᠠᠢ ᠰᠠᠶᠢᠨ ᠳᠤᠷᠠᠴᠤᠤᠯ ᠤᠨ ᠠᠵᠢᠯᠯᠠᠭ᠎ᠠ | | | 4 ᠳ᠋ᠤᠭᠡᠷ ᠰᠠᠷ᠎ᠠ ᠠᠴᠠ ᠲᠤᠰ ᠬᠤᠰᠢᠭᠤᠨ ᠤ ︽ᠬᠤᠰᠢᠭᠤᠴᠢ︾ ᠬᠠᠶᠢᠷ᠎ᠠ ᠬᠠᠯᠠᠮᠵᠢ ᠶᠢᠨ ᠬᠤᠯᠪᠤᠭ᠎ᠠ᠂ | ᠪᠤᠱᠤᠤᠳᠠᠢ ᠰᠤᠮᠤᠨ ᠤ ᠵᠠᠷᠤᠳ ᠭᠠᠴᠠᠭᠠᠨ ᠳᠤ ᠬᠦᠷᠴᠦ ᠳᠡᠨᠳᠡᠬᠢ ᠶᠢᠨ ᠤᠯᠠᠨ ᠲᠦᠮᠡᠨ ᠲᠠᠢ ᠬᠠᠪᠤᠷ ᠤᠨ ᠤᠯᠠᠷᠢᠯ | ᠤᠨ ᠤᠶᠢᠵᠢᠭᠤᠯᠤᠯᠳᠠ ᠶᠢᠨ ᠠᠵᠢᠯ ᠳᠤ ᠬᠠᠨᠴᠤᠢ ᠰᠢᠮᠠᠯᠠᠨ ᠤᠷᠤᠯᠴᠠᠵᠤ᠂ ᠤᠶᠢᠵᠢᠭᠤᠯᠬᠤ ᠠᠵᠢᠯᠯᠠᠭ᠎ᠠ ᠪᠠᠨ | ᠠᠮᠵᠢᠯᠳᠠ ᠲᠠᠢ ᠶᠠᠪᠤᠭᠳᠠᠭᠤᠯᠵᠠᠢ᠃ | 4 ᠳ᠋ᠤᠭᠡᠷ ᠰᠠᠷ᠎ᠠ ᠶᠢᠨ 23 ᠤ ᠡᠳᠦᠷ ᠪᠤᠱᠤᠤᠳᠠᠢ ᠰᠤᠮᠤᠨ ᠤ ᠨᠠᠰᠤᠳᠠᠶᠢᠴᠤᠳ ᠤᠨ ︽ᠨᠤᠳᠤᠭ ᠤᠶᠠᠩᠭ᠎ᠠ︾ | ᠬᠤᠯᠪᠤᠭᠠᠨ ᠤ ᠬᠢᠨ᠂ ᠮᠠᠯᠴᠢᠨ ᠴᠢᠮᠡᠭᠡᠯᠡᠭᠴᠢ᠂ ᠢᠷᠠᠭᠤ ᠨᠠᠶᠢᠷᠠᠭᠴᠢ ᠪᠠ ᠨᠢᠭᠡ ᠪᠦᠯᠦᠭ ᠰᠠᠶᠢᠨ ᠲᠤᠷᠠᠴᠤᠤᠯ ᠢᠶᠠᠷ | ᠪᠦᠷᠢᠯᠳᠦᠭᠰᠡᠨ 40 ᠭᠠᠷᠤᠢ ᠬᠦᠮᠦᠨ ᠡᠩᠭᠡᠷ ᠭᠠᠴᠠᠭᠠᠨ ᠳᠤ ᠰᠢᠷ᠎ᠠ ᠪᠤᠷᠭᠠᠰᠤ ᠳᠠᠷᠢᠬᠤ ᠶᠢᠨ ᠳᠠᠭᠠᠤ ᠳᠡᠯᠡᠭᠡᠢ ᠶᠢᠨ | ᠨᠤᠮ ᠤᠩᠰᠢᠬᠤ ᠡᠳᠦᠷᠯᠢᠭ ᠢ ᠪᠡᠯᠭᠡᠯᠡᠵᠦ᠂ ᠤᠯᠠᠨ ᠵᠦᠢᠯ ᠤᠨ ᠤᠯᠠᠨ ᠲᠦᠮᠡᠨᠴᠢ ᠠᠵᠢᠯᠯᠠᠭ᠎ᠠ ᠪᠠᠷ ᠦᠷᠭᠡᠨ ᠤᠯᠠᠨ | ᠰᠠᠶᠢᠨ ᠳᠤᠷᠠᠴᠤᠤᠯ ᠤᠨ ᠤᠷᠮ᠎ᠠ ᠵᠤᠷᠢᠭ ᠢ ᠬᠦᠪᠴᠢᠯᠡᠭᠰᠡᠨ ᠪᠠᠶᠢᠨ᠎ᠠ᠃ | 4 ᠰᠠᠷ᠎ᠠ ᠶᠢᠨ 24 ᠤ ᠡᠳᠦᠷ ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠲᠦᠪ ᠤᠨ | ᠰᠤᠷᠪᠤᠯᠵᠢᠯᠠᠭᠴᠢ᠂ ᠨᠠᠶᠢᠷᠠᠭᠤᠯᠤᠭᠴᠢᠳ ᠪᠠ ᠭᠡᠰᠡᠭ ᠮᠠᠯᠴᠢᠨ ᠴᠢᠮᠡᠭᠡᠯᠡᠭᠴᠢ᠂ ᠰᠠᠶᠢᠨ ᠳᠤᠷᠠᠴᠤᠤᠯ ᠬᠠᠮᠳᠤ ᠨᠠᠷᠠᠳᠤ | ᠰᠤᠮᠤᠨ ᠤ ᠳᠠᠭᠤᠳᠤᠨᠠᠭᠤᠷ ᠭᠠᠴᠠᠭᠠᠨ ᠳᠤ ᠰᠢᠷ᠎ᠠ ᠪᠤᠷᠭᠠᠰᠤ ᠳᠠᠷᠢᠬᠰᠠᠨ ᠪᠠᠶᠢᠨ᠎ᠠ᠃ | | | ︽ᠴᠠᠭᠠᠨ ᠦᠢᠯᠡᠰ︾ ᠤᠨ | ᠴᠠᠭᠯᠠᠰᠢ ᠦᠭᠡᠢ ᠵᠤᠷᠢᠭ | | | ᠰᠢᠯᠢ ᠶᠢᠨ ᠭᠤᠤᠯ ᠠᠶᠢᠮᠠᠭ ᠤᠨ ︽ᠴᠠᠭᠠᠨ ᠦᠢᠯᠡᠰ︾ ᠬᠠᠶᠢᠷ᠎ᠠ ᠬᠠᠯᠠᠮᠵᠢ ᠶᠢᠨ ᠨᠡᠶᠢᠭᠡᠮᠯᠢᠭ ᠤᠨ | ᠭᠤᠴᠢᠭᠠᠳ ᠬᠡᠰᠢᠬᠦᠨ ︽5.1︾ ᠤ ᠳᠡᠯᠡᠭᠡᠢ ᠶᠢᠨ ᠬᠦᠳᠡᠯᠮᠦᠷᠢᠴᠢᠳ ᠤᠨ ᠪᠠᠶᠠᠷ ᠤᠨ ᠡᠳᠦᠷ ᠲᠤᠬᠢᠶᠠᠯᠳᠤᠭᠤᠯᠵᠤ᠂ | ᠬᠦᠳᠡᠯᠮᠦᠷᠢ ᠶᠢᠨ ᠢᠷᠠᠭᠤ ᠳᠠᠭᠤᠯᠠᠯ ᠢᠶᠠᠨ ᠬᠠᠩᠬᠢᠨᠠᠭᠤᠯᠤᠨ ᠰᠢᠯᠤᠭᠤᠨ ᠬᠦᠭᠡ ᠬᠤᠰᠢᠭᠤᠨ ᠤ ᠰᠠᠩ ᠤᠨ ᠳᠠᠯᠠᠢ | ᠪᠠᠯᠭᠠᠰᠤᠨ ᠤ ᠵᠢᠪᠬᠤᠯᠠᠩᠳᠤ ᠭᠠᠴᠠᠭᠠᠨ ᠤ ᠡᠯᠡᠰᠦᠷᠭᠡᠭᠵᠢᠭᠰᠡᠨ ᠮᠠᠩᠬᠠᠨ ᠳᠤ ᠰᠢᠷ᠎ᠠ ᠪᠤᠷᠭᠠᠰᠤ᠂ ᠨᠢᠯᠬ᠎ᠠ ᠬᠠᠶᠢᠯᠠᠰᠤᠨ | ᠮᠤᠳᠤ᠂ ᠬᠠᠷᠭᠠᠨ᠎ᠠ ᠳᠠᠷᠢᠵᠦ᠂ ᠬᠦᠳᠡᠯᠮᠦᠷᠢᠴᠢᠳ ᠤᠨ ᠪᠠᠶᠠᠷ ᠢᠶᠠᠨ ᠤᠳᠬ᠎ᠠ ᠠᠭᠤᠯᠭ᠎ᠠ ᠲᠠᠢ᠂ ᠬᠦᠷ ᠬᠦᠭᠵᠢᠶᠡᠨ | ᠲᠠᠢ ᠦᠩᠭᠡᠷᠡᠭᠦᠯᠦᠭᠰᠡᠨ ᠪᠠᠶᠢᠨ᠎ᠠ᠃ | ︽ᠤᠯᠠᠨ ᠤ ᠬᠦᠴᠦᠨ ᠳᠤ ᠤᠪᠤᠭ᠎ᠠ ᠪᠤᠰᠤᠨ᠎ᠠ︾ ᠭᠡᠭᠴᠢ ᠪᠠᠷ ᠦᠢ ᠤᠯᠠᠨ ᠬᠦᠮᠦᠨ ᠠᠷᠠᠳ ᠤᠨ | ᠠᠷᠢᠭᠤᠨ ᠬᠦᠯᠦᠰᠦᠨ ᠳᠤ ᠤᠮᠳᠠᠯᠠᠭᠳᠠᠭᠰᠠᠨ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬ᠎ᠠ ᠡᠷᠳᠡ ᠨᠢᠭᠡᠨ ᠡᠳᠦᠷ | ᠪᠠᠶᠢᠭᠠᠯᠢ ᠶᠢᠨ ᠦᠩᠭᠡ ᠦᠵᠡᠮᠵᠢ ᠪᠦᠷᠢᠳᠦᠭᠰᠡᠨ ᠤᠭ᠍ᠶᠤᠨ ᠨᠤᠭᠤᠭᠠᠨ ᠴᠡᠴᠡᠷᠯᠢᠭ ᠪᠤᠯᠵᠤ ᠬᠤᠪᠢᠷᠠᠬᠤ ᠨᠢ ᠯᠠᠪᠳᠠᠢ | ᠪᠢᠯᠡ᠃ | | ᠵᠤᠷᠢᠭ ᠲᠠᠢ ᠬᠦᠮᠦᠰ ᠤᠨ | ᠵᠤᠷᠢᠭᠰᠠᠨ ᠦᠢᠯᠡᠰ ᠢᠷᠠᠭᠤ | | | ᠤᠳᠤ ᠰᠢᠯᠤᠭᠤᠨ ᠬᠦᠭᠡ ᠬᠤᠰᠢᠭᠤ ᠳᠠᠶᠠᠭᠠᠷ ᠡᠯᠡᠰᠦ ᠮᠠᠩᠬ᠎ᠠ ᠶᠢ ᠦᠭᠡᠷᠡᠴᠢᠯᠡᠵᠦ᠂ ᠨᠤᠳᠤᠭ ᠤᠰᠤ ᠪᠠᠨ | ᠪᠦᠬᠦ ᠲᠠᠯ᠎ᠠ ᠪᠠᠷ ᠨᠤᠭᠤᠭᠠᠷᠠᠭᠤᠯᠬᠤ ᠠᠵᠢᠯ ᠢ ᠪᠦᠬᠦ ᠠᠷᠠᠳ ᠤᠨ ᠤᠬᠠᠮᠰᠠᠷᠳᠤ ᠠᠵᠢᠯᠯᠠᠭ᠎ᠠ ᠪᠤᠯᠭᠠᠨ | ᠶᠠᠪᠤᠭᠳᠠᠭᠤᠯᠵᠤ ᠪᠤᠢ᠃ ᠤᠶᠢᠷ᠎ᠠ ᠳᠤ ᠳᠤᠰ ᠬᠤᠰᠢᠭᠤᠨ ᠤ ᠵᠢᠭᠠᠰᠤᠳᠠᠢ ᠰᠤᠮᠤᠨ ᠤ ᠪᠠᠶᠠᠨᠨᠠᠭᠤᠷ᠂ ᠪᠠᠶ᠋ᠬᠠᠤᠯᠠᠭᠠᠨ᠂ | ᠰᠠᠶᠢᠬᠠᠨᠨᠠᠭᠤᠷ ᠵᠡᠷᠭᠡ ᠭᠠᠴᠠᠭ᠎ᠠ ᠨᠢ ᠮᠠᠯᠴᠢᠨ ᠲᠦᠮᠡᠨ ᠪᠠ ᠰᠠᠶᠢᠨ ᠳᠤᠷᠠᠴᠤᠤᠯ ᠲᠠᠢ ᠬᠠᠮᠳᠤ ᠤᠶᠢᠵᠢᠭᠤᠯᠤᠯᠳᠠ ᠶᠢᠨ | ᠠᠵᠢᠯ ᠢ ᠡᠷᠴᠢᠮᠳᠡᠢ ᠬᠢᠵᠦ᠂ ᠨᠤᠳᠤᠭ ᠤᠰᠤ ᠪᠠᠨ ᠨᠤᠮᠢᠨ ᠳᠠᠪᠠᠯᠭᠠᠨ ᠬᠠᠶᠠᠯᠠᠭᠰᠠᠨ ᠨᠤᠭᠤᠭᠠᠨ ᠪᠦᠷᠢᠳᠦ ᠪᠤᠯᠭᠠᠬᠤ | ᠪᠠᠷ ᠬᠦᠴᠦᠯᠡᠨ ᠴᠢᠷᠮᠠᠶᠢᠵᠦ ᠪᠤᠶᠢᠨᠠ᠃ | | | |