ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ | ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ | ᠵᠢᠴᠢ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠣᠨᠣᠯ ᠤᠨ ᠬᠡᠪ ᠪᠣᠯᠪᠠᠰᠤᠷᠠᠯ ᠪᠠ | ᠦᠶᠯᠡᠳᠦᠯᠭᠡ ᠶᠢᠨ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ | 16 ᠤ ᠡᠳᠦᠷ ᠰᠢᠯᠤᠭᠤᠨ ᠬᠥᠬᠡ ᠬᠤᠰᠢᠭᠤ ᠰᠠᠯᠠᠭᠠᠨ ᠲᠠᠰ ᠤᠨ ᠤᠳᠤᠷᠢᠳᠬᠤ ᠺᠠᠳ᠋ᠷ ᠤᠨ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠰᠡᠳᠦᠪᠲᠦ | ᠪᠣᠯᠪᠠᠰᠤᠷᠠᠯ ᠡᠷᠭᠢᠯᠡᠪᠡ᠃ | ᠪᠣᠯᠪᠠᠰᠤᠷᠠᠯ ᠢᠶᠠᠷ᠂ ᠰᠢᠯᠢ ᠶᠢᠨ ᠭᠤᠤᠯ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ᠂ ᠰᠢᠯᠢ ᠶᠢᠨ ᠭᠤᠤᠯ ᠠᠶᠢᠮᠠᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠭᠡᠰᠢᠭᠦᠨ ᠶᠠᠩ ᠶᠢᠩ ︽ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠤᠯᠭᠠᠨ᠂ | ᠰᠢᠯᠢ ᠶᠢᠨ ᠭᠤᠤᠯ ᠠᠶᠢᠮᠠᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ︾ ᠪᠠᠷ ᠭᠤᠤᠯ | ᠰᠡᠳᠦᠪ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠴᠢᠨᠠᠷ᠂ ᠰᠢ ᠶᠢᠨ ᠫᠢᠩ | ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭᠠᠨ ᠤ ᠠᠭᠤᠯᠤᠬᠳᠠᠬᠤᠨ᠂ ᠮᠠᠨ ᠤ ᠠᠶᠢᠮᠠᠭ ᠤᠨ ᠠᠮᠢ ᠠᠬᠤᠶ | ᠣᠷᠴᠢᠨ ᠲᠣᠭᠤᠷᠢᠨ ᠤ ᠲᠡᠦᠬᠡᠨ ᠬᠤᠪᠢᠰᠤᠯᠲᠠ ᠪᠠ ᠬᠠᠮᠠᠭᠠᠯᠠᠯᠲᠠ ᠵᠠᠰᠠᠯᠲᠠ ᠶᠢᠨ ᠦᠷ᠎ᠡ ᠪᠦᠲᠦᠭᠡᠯ ᠵᠢᠴᠢ ᠮᠠᠨ ᠤ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠠᠪᠤᠭᠰᠠᠨ ᠣᠯᠠᠨ ᠵᠦᠶᠯ | ᠤᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠪᠠᠷ ᠲᠤᠰᠬᠠᠶ ᠰᠡᠳᠦᠪᠲᠦ ᠲᠠᠶᠢᠯᠤᠮᠵᠢ ᠬᠢᠵᠦ᠂ ᠬᠤᠰᠢᠭᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠲᠣᠭᠤᠷᠢᠨ ᠳᠤ᠂ ᠭᠦᠨᠵᠡᠭᠡᠶ | ᠠᠭᠤᠯᠤᠭᠳᠠᠬᠤᠨ᠂ ᠪᠣᠶ ᠪᠣᠯᠤᠭᠰᠠᠨ ᠠᠬᠤᠶ ᠪᠠᠶᠢᠳᠠᠯ᠂ ᠦᠶᠯᠡᠳᠦᠯᠭᠡ ᠶᠢᠨ ᠱᠠᠭᠠᠷᠳᠠᠯᠭ᠎ᠠ ᠵᠡᠷᠭᠡ ᠭᠤᠷᠪᠠᠨ ᠲᠠᠯ᠎ᠠ | ᠠᠴᠠ ᠰᠢᠰᠲ᠋ᠧᠮ ᠲᠠᠢ ᠬᠢᠴᠢᠶᠡᠯᠯᠡᠵᠡᠢ᠃ ᠬᠤᠷᠠᠯ ᠳᠤ ᠣᠷᠣᠯᠴᠠᠭᠰᠠᠳ ᠪᠠᠰᠠ ︽ᠳᠤᠮᠳᠠᠳᠤ ᠤᠯᠤᠰ ᠤᠨ ᠺᠠᠳ᠋ᠷ ᠤᠨ | ᠰᠦᠯᠵᠢᠶᠡᠨ ᠤ ᠳᠡᠭᠡᠳᠦ ᠰᠤᠷᠭᠠᠭᠤᠯᠢ ᠶᠢᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠰᠡᠳᠦᠪᠲᠦ ᠬᠢᠴᠢᠶᠡᠯ︾ | ᠢ ᠬᠠᠮᠲᠤᠪᠠᠷ ᠰᠤᠷᠤᠯᠴᠠᠭᠰᠠᠨ ᠪᠠᠶᠢᠨ᠎ᠠ᠃ | ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯᠯᠠᠭᠠᠨ ᠤ | ᠤᠬᠠᠮᠰᠠᠷ ᠢ ᠤᠯᠠᠮ ᠴᠢᠩᠭᠠᠳᠬᠠᠵᠤ᠂ ᠠᠮᠢ ᠠᠬᠤᠶ ᠣᠷᠴᠢᠨ ᠠᠬᠤᠶ ᠶᠢᠨ ᠬᠠᠮᠠᠭᠠᠯᠠᠯᠲᠠ ᠶᠢᠨ ᠲᠤᠰᠢᠶᠠᠯ | ᠬᠠᠷᠢᠭᠤᠴᠠᠯᠭ᠎ᠠ ᠪᠠᠨ ᠭᠦᠶᠴᠡᠳᠬᠡᠬᠦ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠨᠢ | ᠳᠡᠭᠡᠭᠰᠢᠯᠡᠭᠦᠯᠦᠭᠰᠡᠨ ᠪᠠᠶᠢᠨ᠎ᠠ᠃ | ᠡᠯ᠎ᠡ ᠰᠤᠮᠤ ᠪᠠᠯᠭᠠᠰᠤ ︵ᠲᠠᠯᠠᠪᠠᠶ︶᠂ ᠬᠤᠰᠢᠭᠤ ᠬᠠᠷᠢᠶ᠎ᠠ ᠡᠯ᠎ᠡ ᠨᠢᠭᠡᠴᠢ ᠶᠢᠨ ᠰᠠᠯᠠᠭᠠᠨ ᠲᠠᠰ ᠤᠨ | ᠤᠳᠤᠷᠢᠳᠬᠤ ᠺᠠᠳ᠋ᠷ ᠵᠢᠴᠢ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠤᠳᠤᠷᠢᠳᠬᠤ ᠪᠠᠭ ᠤᠨ | ᠪᠦᠷᠢᠯᠳᠦᠬᠦᠨ ᠪᠣᠯᠤᠨ ᠡᠯ᠎ᠡ ᠲᠠᠰᠤᠭ᠂ ᠥᠷᠲᠡᠭᠡ᠂ ᠠᠩᠬᠢ᠂ ᠲᠥᠪ ᠤᠨ ᠬᠠᠷᠢᠭᠤᠴᠠᠯᠭᠠᠲᠠᠨ ᠪᠣᠯᠪᠠᠰᠤᠷᠠᠯ ᠳᠤ | ᠤᠷᠤᠯᠴᠠᠵᠠᠢ᠃ | |