5 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠢᠯᠤᠭᠤᠨ ᠬᠥᠬᠡ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ 136 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠲᠠᠪᠤᠨ | ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ | ᠶᠡᠷᠦᠩᠬᠡᠶ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠥᠬᠦ ᠤᠯᠤᠰ ᠤᠨ ᠬᠥᠳᠡᠯᠮᠦᠷᠢ | ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶᠠᠨ ᠤ | ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠱᠠᠩᠬᠠᠶ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠲᠥᠪ | ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ | ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠶ︾ ᠪᠣᠯᠤᠨ | ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠠᠶᠤᠯᠭᠦᠢ ᠦᠢᠯᠡᠳᠪᠦᠷᠢᠯᠡᠯ᠂ ᠰᠤᠷᠭᠠᠨ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠵᠢᠴᠢ 2025 ᠣᠨ | ᠤ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ | ᠠᠬᠢᠴᠠ ᠶᠢᠨ ᠪᠠᠶᠢᠳᠠᠯ ᠢ ᠰᠣᠨᠣᠰᠴᠤ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ | ᠬᠤᠷᠠᠯ ᠠᠴᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ | ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠥᠷᠭᠡᠨ ᠤᠯᠠᠨ | ᠠᠵᠢᠯᠳᠠᠨ ᠠᠵᠢᠯᠴᠢᠨ ᠤ ᠬᠥᠳᠡᠯᠮᠦᠷᠢ ᠶᠢᠨ ᠬᠠᠯᠠᠭᠤᠨ ᠰᠡᠳᠬᠢᠯᠭᠡ᠂ ᠡᠭᠦᠳᠦᠨ ᠪᠦᠲᠦᠭᠡᠬᠦ ᠲᠠᠯᠳᠠ ᠴᠢᠳᠠᠪᠤᠷᠢ ᠶᠢ | ᠬᠥᠭᠵᠢᠭᠡᠬᠦ ᠬᠡᠷᠡᠭᠲᠡᠢ᠃ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠤᠨ | ᠬᠤᠪᠢᠷᠠᠯᠲᠠ ᠳᠤ ᠵᠣᠬᠢᠴᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠴᠢᠩᠭ᠎ᠠ | ᠡᠵᠡᠮᠳᠡᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ | ᠶᠢᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠲᠥᠯᠥᠪᠵᠢᠭᠦᠯᠬᠦ ᠬᠡᠷᠡᠭᠲᠡᠢ᠃ ᠤᠯᠤᠰ ᠲᠥᠷᠥ | ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠳᠠᠲᠠᠶ ᠠᠵᠢᠯᠯᠠᠭ᠎ᠠ ᠪᠣᠯᠭᠠᠵᠤ᠂ ᠰᠢᠯᠢᠳᠡᠭ ᠨᠠᠮ ᠤᠨ ᠰᠤᠷᠲᠠᠯ ᠢᠶᠠᠷ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠵᠤ᠂ ᠪᠥᠬᠦ ᠬᠤᠰᠢᠭᠤᠨ ᠤ ᠴᠢᠨᠠᠷ ᠰᠠᠶᠢᠲᠠᠶ | ᠬᠥᠭᠵᠢᠯᠲᠡ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠶ᠃ ︽ᠲᠠᠪᠤᠨ ᠶᠡᠭᠡ ᠡᠭᠦᠷᠭᠡ︾ | ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ ︽ᠵᠢᠷᠭᠤᠭᠠᠨ | ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠤᠰᠬᠠᠶ ᠳᠤᠭᠤᠶᠢᠯᠠᠩ ᠤᠨ ᠬᠢᠨ ᠬᠠᠮᠢᠶ᠎ᠠ ᠪᠥᠬᠦᠶ | ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ ᠲᠦᠯᠦᠪᠯᠡᠭᠡ ᠶᠤᠰᠤᠭᠠᠷ ᠡᠯ᠎ᠡ ᠵᠦᠶᠯ ᠤᠨ ᠠᠵᠢᠯ ᠢ ᠯᠠᠪᠳᠠᠭᠤᠨ ᠢᠶᠠᠷ | ᠠᠬᠢᠭᠤᠯᠬᠤ ᠬᠡᠷᠡᠭᠲᠡᠶ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠶᠤᠯᠭᠦᠶ | ᠦᠶᠯᠡᠳᠪᠦᠷᠢᠯᠡᠯ ᠤᠨ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠯ᠎ᠡ | ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠶᠤᠯᠭᠦᠶ ᠦᠶᠯᠡᠳᠪᠦᠷᠢᠯᠡᠯ ᠤᠨ | ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ | ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ | ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠤᠯᠠᠮ ᠴᠢᠩᠭᠠᠳᠬᠠᠨ᠂ | ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠬᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠨ᠂ ᠠᠷᠠᠳ ᠲᠦᠮᠡᠨ ᠤ ᠬᠠᠨᠤᠮᠵᠢᠳᠠᠢ ᠰᠤᠷᠭᠠᠨ ᠬᠥᠮᠦᠵᠢᠯ ᠢ ᠡᠷᠭᠢᠯᠡᠬᠦ ᠬᠡᠷᠡᠭᠲᠡᠶ ᠭᠡᠵᠦ | ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃ | |