5 ᠰᠠᠷ᠎ᠠ ᠶᠢᠨ 14 ᠤ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠥᠯᠥᠭᠡᠯᠡᠭᠴᠢᠳ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠡᠰᠢᠬᠦᠳ ᠪᠦᠯᠬᠦᠮ ᠳᠠᠭᠠᠭᠤᠯᠤᠨ | ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ | ᠶᠡᠷᠦᠩᠬᠡᠶᠢᠯᠡᠭᠰᠡᠨ ᠵᠠᠰᠠᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠪᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ | ᠸᠠᠨ ᠴᠤᠤ ᠴᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠪᠠᠶ ᠶᠦᠩ ᠴᠦᠨ ᠪᠠᠶᠢᠴᠠᠭᠠᠨ | ᠰᠤᠳᠤᠯᠤᠯᠲᠠ ᠳᠤ ᠣᠷᠣᠯᠴᠠᠵᠦ᠂ ᠬᠤᠰᠢᠭᠤ ᠨᠠᠮ ᠤᠨ ᠬᠤᠷᠢᠶᠠᠨ ᠤ ᠱᠦᠵᠢ ᠯᠢ ᠪᠥᠸᠧ ᠹᠧᠩ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠣᠶᠣᠯᠲᠤ ᠪᠠᠷ᠎ᠠ ᠪᠣᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠲᠧᠭᠨᠢᠭᠮᠡᠷᠭᠡᠵᠢᠯ ᠤᠨ ᠰᠢᠨ᠎ᠡ ᠶᠢ | ᠡᠭᠦᠳᠬᠦ ᠲᠥᠪ ᠤᠨ ᠲᠥᠷᠥᠯ ᠵᠦᠶᠯ ᠤᠨ ᠣᠷᠣᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ 2024 ᠣᠨ ᠤ ᠡᠷᠳᠡᠨᠢᠳᠠᠯᠠᠢ ᠭᠠᠴᠠᠭᠠᠨ ᠤ ᠲᠥᠷᠥᠯ ᠵᠦᠶᠯ ᠤᠨ ᠲᠣᠭᠤᠷᠢᠭ ᠪᠣᠯᠤᠨ | 2025 ᠣᠨ ᠤ ᠠᠯᠳᠠᠳᠠᠢ ᠭᠠᠴᠠᠭᠠᠨ ᠤ ᠲᠥᠷᠥᠯ ᠵᠦᠶᠯ ᠤᠨ ᠲᠣᠭᠤᠷᠢᠭ ᠳᠤ ᠭᠦᠨᠵᠡᠭᠡᠶᠢᠷᠡᠵᠦ᠂ ᠵᠠᠰᠠᠯᠲᠠ ᠶᠢᠨ | ᠠᠷᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠮᠠᠯᠴᠢᠨ | ᠲᠠᠷᠢᠶᠠᠴᠢᠨ ᠤ ᠠᠮᠢ ᠠᠬᠤᠶ ᠶᠢᠨ ᠵᠠᠰᠠᠯᠲᠠ ᠶᠢᠨ ᠲᠥᠷᠥᠯ ᠵᠦᠶᠯ ᠳᠤ ᠣᠷᠣᠯᠴᠠᠭᠰᠠᠨ ᠵᠢᠴᠢᠠᠯᠳᠠᠩᠬᠤᠸᠠ ᠴᠡᠴᠡᠭ ᠢ | ᠪᠣᠶᠢᠵᠢᠭᠤᠯᠤᠨᠠᠰᠢᠭᠯᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠰᠠᠩ ᠤᠨ ᠲᠡᠯᠡᠶ ᠪᠠᠯᠭᠠᠰᠤᠨ ᠤ ᠡᠷᠳᠡᠨᠢᠳᠠᠯᠠᠢ ᠭᠠᠴᠠᠭ᠎ᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ | 2024 ᠣᠨ ᠤ ︽ᠥᠪᠥᠷ ᠮᠣᠩᠭᠤᠯ ᠾᠧᠪᠧᠶ ᠶᠢᠨ ᠵᠠᠭᠠᠭ︾ ᠤᠨ ᠲᠥᠷᠥᠯ ᠵᠦᠶᠯ ᠤᠨ ᠲᠣᠭᠤᠷᠢᠭ ᠤᠨ ᠡᠯᠡᠰᠦ | ᠶᠢ ᠵᠠᠰᠠᠭᠰᠠᠨ ᠠᠩᠬ᠎ᠠ ᠠᠯᠬᠤᠮ ᠤᠨ ᠦᠷ᠎ᠡ ᠪᠦᠲᠦᠮᠵᠢ ᠶᠢ ᠲᠣᠭᠤᠷᠢᠨ ᠦᠵᠡᠵᠦ᠂ ᠲᠣᠰ ᠣᠷᠣᠨ ᠪᠦᠰᠡ ᠳᠤ | 1315.5 ᠲᠦᠮᠡᠨ ᠲᠥᠭᠦᠷᠢᠭ ᠤᠨ ᠪᠠᠯᠠ ᠣᠷᠣᠭᠤᠯᠵᠤ᠂ 1.47 ᠲᠦᠮᠡᠨ ᠮᠥ ᠡᠯᠡᠰᠦ ᠶᠢ ᠪᠢᠲᠡᠭᠦᠮᠵᠢᠯᠡᠨ | ᠡᠪᠡᠰᠦ ᠲᠠᠷᠢᠵᠦ᠂ 7300 ᠮᠥ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠪᠡ᠃ ᠲᠥᠷᠥᠯ | ᠵᠦᠶᠯ ᠳᠤ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠵᠠᠭᠪᠤᠷ ᠢ ᠬᠡᠷᠡᠭᠯᠡᠨ᠂ ᠲᠤᠬᠠᠶ ᠶᠢᠨ ᠭᠠᠵᠠᠷ | ᠤᠨ 140 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠴᠠᠭᠤᠯᠵᠤ᠂ ᠬᠥᠮᠦᠨ ᠳᠤᠮᠳᠠᠴᠢ ᠶᠢᠨ ᠣᠷᠣᠯᠭ᠎ᠠ ᠶᠢ | 5100 ᠲᠥᠭᠦᠷᠢᠭ ᠨᠡᠮᠡᠭᠳᠡᠬᠦᠯᠦᠭᠰᠡᠨ ᠪᠠᠶᠢᠨ᠎ᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠯᠳᠠᠳᠠᠢ ᠭᠠᠴᠠᠭᠠᠨ ᠤ 2025 ᠣᠨ ᠤ ᠡᠯᠡᠰᠦᠷᠬᠡᠭᠵᠢᠯ ᠢ | ᠵᠠᠰᠠᠬᠤ ᠲᠥᠯᠥᠪᠵᠢᠭᠦᠯᠭᠡ ᠶᠢᠨ ᠣᠷᠣᠨ ᠳᠤ ᠭᠦᠨᠵᠡᠭᠡᠶᠢᠷᠡᠨ ᠪᠥᠬᠦ ᠣᠷᠣᠨ ᠪᠦᠰᠡ ᠶᠢᠨ ᠵᠠᠰᠠᠯᠲᠠ ᠶᠢᠨ ᠲᠥᠰᠦᠯ ᠢ | ᠭᠤᠤᠯᠳᠠᠯᠭ᠎ᠠ ᠲᠠᠢ ᠣᠶᠢᠯᠠᠭᠠᠪᠠ᠃ ᠲᠣᠰ ᠭᠠᠴᠠᠭᠠᠨ ᠤ ᠡᠯᠡᠰᠦᠷᠬᠡᠭ ᠭᠠᠵᠠᠷ ᠤᠨ ᠶᠡᠷᠦᠩᠬᠡᠶ ᠲᠠᠯᠠᠪᠠᠶ ᠨᠢ7.64 | ᠲᠦᠮᠡᠨ ᠮᠥ ᠪᠠᠶᠢᠵᠤ᠂ 2025 ᠣᠨ ᠳᠤ1.3 ᠲᠦᠮᠡᠨ ᠮᠥ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ᠂ 0. | 38 ᠲᠦᠮᠡᠨ ᠮᠥ ᠨᠢᠰᠬᠡᠯ ᠢᠶᠠᠷ ᠡᠪᠡᠰᠦ ᠳᠠᠷᠢᠬᠤ᠂ 5.96 ᠲᠦᠮᠡᠨ ᠮᠥ ᠡᠯᠡᠰᠦ ᠶᠢ ᠪᠢᠲᠡᠭᠦᠮᠵᠢᠯᠡᠨ ᠡᠪᠡᠰᠦ | ᠪᠣᠶᠢᠵᠢᠭᠤᠯᠬᠤ ᠢᠨᠵᠧᠨᠧᠷᠢᠩ ᠢ ᠪᠡᠶᠡᠯᠡᠭᠦᠯᠬᠦ ᠪᠠᠷ ᠲᠥᠯᠥᠪᠯᠡᠵᠦ᠂ ᠵᠢᠱᠢᠯᠲᠡ ᠪᠠᠷ 300 ᠭᠠᠷᠤᠶ ᠮᠠᠯᠴᠢᠨ | ᠲᠠᠷᠢᠶᠠᠴᠢᠨ ᠢ ᠳᠠᠶᠢᠴᠢᠯᠠᠨ ᠠᠵᠢᠯ ᠣᠯᠭᠤᠬᠤ ᠪᠣᠯᠤᠨ᠎ᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠯᠤᠭᠤᠨ ᠬᠥᠬᠡ ᠬᠤᠰᠢᠭᠤᠨ ᠤ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠠᠵᠢᠯ ᠤᠨ ᠣᠯᠤᠭᠰᠠᠨ ᠦᠷ᠎ᠡ ᠪᠦᠲᠦᠮᠵᠢ | ᠶᠢ ᠭᠦᠶᠴᠡᠳ ᠨᠤᠳᠠᠯᠠᠠᠰᠠᠠ ᠤ ᠬᠠᠮᠲᠤ ᠱᠠᠭᠠᠷᠳ᠋ᠬᠠᠰᠠᠠ ᠨᠢ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠣᠯ | ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ | ᠰᠠᠶᠢᠲᠤᠷ ᠬᠢᠬᠦ ᠶᠢᠨ ᠭᠤᠤᠯ ᠲᠠᠯᠠᠪᠤᠷ ᠮᠥᠨ᠂ ᠵᠠᠰᠠᠯᠲᠠ ᠶᠢᠨ ᠬᠠᠷᠠᠯᠲᠠ ᠪᠠᠨ ᠲᠣᠭᠲᠠᠭᠠᠵᠤ᠂ ᠲᠤᠷᠰᠢᠯᠭ᠎ᠠ ᠪᠠᠨ | ᠳ᠋ᠦᠩᠨᠡᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠯᠠᠨ ᠵᠦᠶᠯ ᠤᠨ ᠡᠯᠡᠰᠦᠷᠬᠡᠭᠵᠢᠯ ᠢ ᠰᠡᠷᠭᠡᠶᠢᠯᠡᠨ | ᠡᠯᠡᠰᠦᠷᠬᠡᠭᠵᠢᠯ ᠢ ᠵᠠᠰᠠᠬᠤ ᠠᠷᠭ᠎ᠠ ᠬᠡᠮᠵᠢᠶ᠎ᠡ ᠠᠪᠴᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠶᠢᠨ ᠵᠠᠰᠠᠬᠤ | ᠳᠠᠶᠢᠯᠠᠯᠳᠤᠭᠠᠨ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠶᠢ ᠠᠬᠢᠭᠤᠯᠣᠨ᠂ ᠨᠠᠩ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠢᠨᠵᠧᠨᠧᠷᠢᠩ ᠤᠨ | ᠪᠥᠲᠥᠭᠡᠨᠪᠠᠶᠢᠭᠤᠯᠤᠯᠲᠠ ᠳᠤ ᠣᠷᠣᠯᠴᠠᠭᠤᠯᠵᠤ᠂ ᠠᠮᠢ ᠠᠬᠤᠶ ᠶᠢᠨ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠠᠮᠢ | ᠠᠬᠤᠶ ᠶᠢ ᠰᠡᠷᠭᠦᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠥᠨ ᠬᠠᠮᠵᠢᠯᠴᠠᠨ ᠬᠥᠭᠵᠢᠬᠦ ᠶᠢ | ᠠᠬᠢᠭᠤᠯᠬᠤ ᠬᠡᠷᠡᠭᠲᠡᠶ ᠬᠡᠵᠦ ᠵᠢᠭᠠᠵᠦ ᠭᠠᠷᠭᠠᠵᠠᠢ᠃ | |