ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠸᠧᠨ ᠽᠦᠩ ᠰᠢᠯᠤᠭᠤᠨ ᠬᠥᠬᠡ ᠬᠤᠰᠢᠭᠤᠨ ᠳᠤ ᠢᠷᠡᠵᠦ ᠰᠣᠶᠣᠯ ᠵᠢᠭᠤᠯᠴᠢᠯᠠᠯ ᠤᠨ ᠠᠵᠢᠯ ᠢ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2025/5/19
       5 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ  ᠤᠨ ᠳᠠᠷᠤᠭ᠎ᠠ ᠵᠢᠶᠠ ᠸᠧᠨ ᠽᠦᠩ ᠰᠢᠯᠤᠭᠤᠨ ᠬᠥᠬᠡ ᠬᠤᠰᠢᠭᠤᠨ ᠳᠤ ᠭᠦᠨᠵᠡᠭᠡᠶᠢᠷᠡᠵᠦ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠥᠪ ᠤᠨ ᠮᠦᠽᠧᠶ᠂ ᠶᠤᠸᠠᠨ ᠤ ᠳᠡᠭᠡᠳᠦ ᠨᠡᠶᠢᠰᠯᠡᠯ ᠤᠨ ᠲᠠᠯ᠎ᠠ ᠨᠤᠲᠤᠭ ᠤᠨ ᠺᠢᠨᠣ᠋ ᠲᠧᠯᠸᠢᠰ ᠤᠨ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠤᠭᠤᠳᠤᠭᠰᠠᠨ ᠪᠠᠶᠢᠨ᠎ᠠ᠃      ᠰᠢᠯᠢ ᠶᠢᠨ ᠭᠤᠣᠯ ᠠᠶᠢᠮᠠᠭ ᠤᠨ ᠰᠣᠶᠣᠯ ᠤᠨ ᠥᠪ ᠤᠨ ᠮᠦᠽᠧᠢ ᠳᠤ᠂ ᠵᠢᠶᠠ ᠸᠧᠨ ᠽᠦᠩ ᠳᠡᠯᠭᠡᠨ ᠦᠵᠡᠭᠦᠯᠵᠦ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠲᠤᠭᠤᠷᠢᠨ ᠦᠵᠡᠭᠰᠡᠨ ᠤ ᠳᠠᠷᠠᠭ᠎ᠠ ᠮᠦᠽᠧᠢ ᠶᠢᠨ ᠪᠠᠶᠢᠷᠢᠰᠢᠭᠤᠯᠤᠯᠳᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠭᠰᠠᠨ ᠪᠠᠶᠢᠳᠠᠯ ᠢ ᠠᠰᠠᠭᠤᠨ ᠤᠶᠢᠯᠠᠭᠠᠯ᠎ᠠ᠃ ᠲᠡᠷᠡ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠵᠤ᠂ ᠳᠡᠯᠭᠡᠨ ᠦᠵᠡᠭᠦᠯᠬᠦ ᠠᠵᠢᠯ ᠢ ᠤᠯᠠᠮ ᠲᠡᠭᠦᠯᠳᠡᠷᠵᠢᠭᠦᠯᠵᠦ᠂ ᠲᠣᠭᠠᠴᠢᠯᠠᠭᠰᠠᠨ ᠰᠡᠷᠭᠦᠭᠡᠬᠦ ᠮᠡᠷᠭᠡᠵᠢᠯ ᠵᠡᠷᠭᠡ ᠪᠠᠷ ᠳᠠᠮᠵᠢᠭᠤᠯᠤᠨ ᠶᠤᠸᠠᠨ ᠤ ᠳᠡᠭᠡᠳᠦ ᠨᠡᠶᠢᠰᠯᠡᠯ ᠤᠨ ᠲᠡᠦᠬᠡ ᠶᠢ ᠵᠢᠭᠤᠯᠴᠢᠯᠠᠭᠰᠠᠳ ᠲᠤ ᠨᠡᠩ ᠠᠮᠢᠳᠤᠯᠢᠭ ᠬᠠᠷᠠᠭᠤᠯᠵᠤ᠂ ᠡᠭᠦᠪᠡᠷ ᠳᠠᠮᠵᠢᠭᠤᠯᠤᠨ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠶᠢᠨ ᠦᠯᠢᠭᠡᠷ ᠳᠡᠦᠬᠡ ᠶᠢ ᠬᠦᠢᠴᠡᠳ ᠬᠠᠷᠠᠭᠤᠯᠬᠤ ᠬᠡᠷᠡᠭᠳᠡᠢ ᠭᠡᠯ᠎ᠡ᠃      ᠶᠤᠸᠠᠨ ᠤ ᠳᠡᠭᠡᠳᠦ ᠨᠡᠶᠢᠰᠯᠡᠯ ᠤᠨ ᠲᠠᠯ᠎ᠠ ᠨᠤᠲᠤᠭ ᠤᠨ ᠺᠢᠨᠣ᠋ ᠲᠧᠯᠸᠢᠰ ᠤᠨ ᠬᠤᠳᠠ ᠳᠤ᠂ ᠵᠢᠶᠠ ᠸᠧᠨ ᠽᠦᠩ ᠰᠡᠭᠦᠳᠡᠷᠯᠡᠬᠦ ᠲᠠᠯᠠᠪᠤᠷ᠂ ᠵᠤᠭᠠᠴᠠᠯ ᠤᠨ ᠲᠥᠬᠦᠭᠡᠷᠦᠮᠵᠢ ᠵᠡᠷᠭᠡ ᠶᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ︽ᠬᠤᠪᠢᠯᠠᠢ ᠬᠠᠭᠠᠨ︾ ︽ᠲᠠᠰ ᠨᠠᠮᠨᠠᠭᠰᠠᠨ ᠪᠠᠭᠠᠳᠤᠷ ᠤᠨ ᠳᠤᠮᠤᠭ︾ ᠵᠡᠷᠭᠡ ᠲᠧᠯᠸᠢᠰ ᠵᠦᠴᠦᠭᠡ ᠦᠵᠡᠭᠴᠢᠳ ᠲᠠᠢ ᠵᠤᠯᠭᠠᠬᠤ ᠶᠢ ᠳᠠᠭᠠᠯᠳᠤᠨ ᠰᠢᠯᠤᠭᠤᠨ ᠬᠦᠭᠡ ᠬᠤᠰᠢᠭᠤ ᠨᠡᠩ ᠤᠯᠠᠨ ᠵᠤᠭᠠᠴᠠᠭᠰᠠᠳ ᠤᠨ ᠠᠩᠬᠠᠷᠤᠯ ᠢ ᠳᠠᠳᠠᠬᠤ ᠪᠤᠯᠤᠭᠰᠠᠨ ᠪᠠᠶᠢᠨ᠎ᠠ᠃ ᠺᠢᠨᠤ᠋ ᠲᠧᠯᠸᠢᠰ  ᠤᠨ ᠬᠤᠳᠠ ᠨᠢ ᠦᠪᠡᠷᠮᠢᠴᠡ ᠰᠤᠶᠤᠯ ᠤᠨ ᠡᠬᠢ ᠪᠠᠶᠠᠯᠢᠭ ᠪᠤᠯᠤᠨ ᠺᠢᠨᠤ᠋ ᠰᠡᠭᠦᠳᠡᠷᠯᠡᠵᠦ ᠰᠢᠩᠭᠡᠭᠡᠭᠦ ᠳᠠᠪᠠᠭᠤᠯᠢᠭ ᠲᠠᠯ᠎ᠠ ᠲᠠᠢ ᠤᠴᠢᠷ ᠠᠴᠠ ᠣᠳᠣᠬᠠᠨ ᠤ ᠺᠢᠨᠣ᠋ ᠲᠧᠯᠸᠢᠰ ᠤᠨ ᠵᠢᠭᠤᠯᠴᠢᠯᠠᠯ ᠤᠨ ᠬᠠᠯᠠᠭᠤᠨ ᠥᠷᠨᠢᠯᠲᠡ ᠶᠢ ᠴᠢᠩᠭ᠎ᠠ ᠠᠳᠬᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠣᠨᠴᠠᠯᠢᠭᠲᠤ ᠵᠢᠭᠤᠯᠴᠢᠯᠠᠯ ᠤᠨ ᠠᠵᠤ ᠠᠬᠤᠶ ᠶᠢ ᠶᠡᠭᠡ  ᠪᠠᠷ ᠬᠦᠭᠵᠢᠬᠦᠯᠦᠨ᠂ ᠪᠡᠶᠡᠴᠢᠯᠡᠨ ᠣᠶᠢᠯᠠᠭᠠᠬᠤ ᠪᠠ ᠣᠷᠣᠯᠴᠠᠬᠤ ᠴᠢᠨᠠᠷᠲᠠᠶ ᠵᠢᠭᠤᠯᠴᠢᠯᠠᠯ ᠤᠨ ᠲᠥᠷᠥᠯ ᠵᠦᠶᠯ ᠢ ᠨᠡᠭᠡᠭᠡᠨ ᠬᠥᠭᠵᠢᠭᠦᠯᠵᠦ᠂ ᠵᠤᠭᠠᠴᠠᠭᠰᠠᠳ ᠲᠤ ᠤᠮᠠᠷᠠᠲᠤ ᠬᠢᠯᠢ ᠶᠢᠨ ᠰᠣᠶᠣᠯ ᠢ ᠭᠦᠨᠵᠡᠭᠡᠶ ᠣᠶᠢᠯᠠᠭᠠᠭᠤᠯᠬᠤ ᠬᠡᠷᠡᠭᠲᠡᠶ᠃ ᠡᠭᠦᠨ ᠤ ᠬᠠᠮᠳᠤ ᠵᠢᠭᠤᠯᠴᠢᠯᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠤᠬᠠᠭᠤᠯᠤᠨ ᠳᠡᠯᠭᠡᠷᠡᠭᠦᠯᠬᠦ ᠪᠠᠨ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠸᠢ ᠪᠣᠯᠤᠨ ᠪᠦᠬᠦ ᠤᠯᠤᠰ ᠤᠨ ᠵᠤᠭᠠᠴᠠᠭᠰᠠᠳ ᠢ ᠳᠠᠳᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠨᠡᠮᠡᠭᠳᠡᠯ ᠳᠤ ᠬᠦᠴᠦᠨ ᠨᠡᠮᠡᠷᠢᠯᠡᠬᠦ ᠬᠡᠷᠡᠭᠲᠡᠢ ᠭᠡᠰᠡᠨ ᠪᠠᠶᠢᠨ᠎ᠠ᠃ 
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号