5 ᠳ᠋ᠤᠭᠠᠷ ᠰᠠᠷ᠎ᠠ ᠶᠢᠨ 13 ᠤ ᠡᠳᠦᠷ᠂ ᠰᠢᠯᠤᠭᠤᠨ ᠬᠥᠬᠡ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠵᠢᠭᠠᠰᠤᠲᠠᠶ ᠰᠤᠮᠤᠨ ᠳᠤ ᠭᠦᠨᠵᠡᠭᠡᠶᠢᠷᠡᠵᠦ᠂ ︽ᠠᠷᠠᠳ ᠤᠨ | ᠲᠥᠯᠥᠭᠡ ᠵᠥᠪᠯᠡᠵᠦ ᠨᠡᠶᠢᠭᠡᠮ ᠤᠨ ᠬᠥᠭᠵᠢᠯᠲᠡ ᠶᠢ ᠠᠬᠢᠭᠤᠯᠤᠨ ᠦᠨᠳᠦᠰᠦᠨ ᠱᠠᠲᠤᠨ ᠳᠤ ᠦᠢᠯᠡᠴᠢᠯᠡᠵᠦ ᠠᠷᠠᠳ | ᠤᠨ ᠠᠮᠢᠳᠤᠷᠠᠯ ᠳᠤ ᠲᠤᠰᠠᠯᠠᠬᠤ︾ ᠦᠶᠯᠡᠳᠦᠯᠭᠡ ᠶᠢᠨ ᠠᠵᠢᠯᠯᠠᠭ᠎ᠠ ᠦᠷᠨᠢᠬᠦᠯᠦᠯ᠎ᠡ᠃ ᠬᠤᠰᠢᠭᠤ ᠤᠯᠤᠰ ᠲᠥᠷᠥ | ᠶᠢᠨ ᠵᠥᠪᠯᠡᠯᠭᠡᠨ ᠤ ᠲᠡᠷᠢᠭᠦᠯᠡᠭᠴᠢ ᠭᠠᠩᠪᠦ᠋ᠬᠡ ᠬᠤᠷᠠᠯ ᠳᠤ ᠣᠷᠣᠯᠴᠠᠵᠤ᠂ ᠳᠡᠳ᠋ ᠲᠡᠷᠢᠭᠦᠯᠡᠭᠴᠢ ᠢᠦᠢ ᠵᠤᠸᠠᠩ | ᠬᠤᠷᠠᠯ ᠢ ᠡᠷᠬᠢᠯᠡᠵᠡᠢ᠃ | ᠦᠨᠳᠦᠰᠦᠨ ᠱᠠᠲᠤᠨ ᠤ ᠰᠠᠭᠤᠳᠠᠯ ᠤᠨ ᠬᠤᠷᠠᠯ ᠳᠡᠭᠡᠷ᠎ᠡ ᠮᠠᠯ ᠠᠵᠤ ᠠᠬᠤᠶ ᠶᠢᠨ ᠬᠥᠭᠵᠢᠯᠲᠡ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠵᠡᠷᠭᠡ ᠬᠠᠯᠠᠮᠰᠢᠯ ᠠᠰᠠᠭᠤᠳᠠᠯ ᠤᠨ ᠲᠣᠭᠤᠷᠢᠨ ᠳᠤ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾ ᠵᠢᠴᠢ ᠮᠠᠯᠴᠢᠳ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠵᠤ᠂ ᠬᠥᠭᠵᠢᠯᠲᠡ ᠶᠢᠨ ᠠᠷᠭ᠎ᠠ | ᠪᠣᠳᠣᠯᠭ᠎ᠠ ᠶᠢ ᠬᠠᠮᠲᠤ ᠪᠠᠷ ᠵᠦᠪᠳᠡᠯᠴᠡᠭᠰᠡᠨ ᠪᠠᠶᠢᠨ᠎ᠠ᠃ | ᠵᠠᠯᠭᠠᠭᠠᠳ ᠶᠠᠪᠤᠭᠳᠠᠭᠰᠠᠨ ᠠᠷᠠᠳ ᠲᠤ ᠠᠰᠢᠭ ᠬᠦᠷᠲᠡᠭᠡᠬᠦ ᠦᠶᠯᠡᠴᠢᠯᠡᠭᠡᠨ ᠤ ᠠᠵᠢᠯᠯᠠᠭ᠎ᠠ ᠪᠠᠷ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ | ᠤᠬᠠᠭᠤᠯᠭ᠎ᠠ᠂ ᠰᠢᠨᠵᠢᠯᠡᠭᠡ ᠮᠡᠷᠭᠡᠵᠢᠯ ᠤᠨ ᠵᠥᠪᠯᠡᠯᠭᠡ ᠥᠭᠬᠦ᠂ ᠣᠶ ᠰᠢᠭᠤᠶ ᠡᠪᠡᠰᠦ ᠪᠡᠯᠴᠢᠭᠡᠷ ᠤᠨ ᠲᠤᠬᠠᠶ ᠲᠥᠷᠥ | ᠶᠢᠨ ᠪᠣᠳᠣᠯᠭ᠎ᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ᠂ ᠬᠠᠤᠯᠢ ᠴᠠᠭᠠᠵᠠ ᠶᠢᠨ ᠵᠥᠪᠯᠡᠯᠭᠡ ᠥᠭᠴᠦ ᠲᠤᠰᠠᠯᠠᠮᠵᠢ | ᠦᠵᠡᠭᠦᠯᠬᠦ᠂ ᠲᠦᠷᠭᠡᠨ ᠠᠪᠤᠷᠬᠠᠤ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠡᠮᠴᠢᠯᠡᠭᠡᠨ ᠤ ᠦᠶᠯᠡᠴᠢᠯᠡᠭᠡ ᠵᠡᠷᠭᠡ | ᠣᠯᠠᠨ ᠲᠠᠯ᠎ᠠ ᠶᠢ ᠬᠠᠮᠤᠷᠴᠤ᠂ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠦᠶᠯᠡᠴᠢᠯᠡᠭᠡᠨ ᠤ ᠲᠠᠯ᠎ᠠ | ᠪᠠᠷ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ | ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ ᠳᠤ ᠠᠷᠭ᠎ᠠ ᠤᠬᠠᠭᠠᠨ ᠰᠦᠪᠡᠭᠴᠢᠯᠡᠭᠰᠡᠨ ᠪᠠᠶᠢᠨ᠎ᠠ᠃ | ᠲᠤᠰ ᠤᠳᠠᠭᠠᠨ ᠤ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠣᠯᠤᠨ ᠦᠨᠳᠦᠰᠦᠨ ᠱᠠᠲᠤᠨ ᠤ ᠤᠯᠠᠨ ᠲᠦᠮᠡᠨ ᠤ ᠬᠤᠭᠤᠷᠣᠨᠳᠣᠬᠢ ᠬᠠᠷᠢᠯᠴᠠᠭ᠎ᠠ ᠶᠢ | ᠨᠢᠬᠳᠠᠷᠭᠤᠯᠤᠭᠰᠠᠨ ᠢᠶᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠤ ᠬᠥᠭᠵᠢᠯᠲᠡ ᠶᠢ ᠠᠬᠢᠭᠤᠯᠬᠤ᠂ ᠠᠷᠠᠳ | ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠠᠶᠢᠨ᠎ᠠ᠃ | |