5 ᠳ᠋ᠤᠭᠠᠷ ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ | ᠳᠠᠷᠤᠭ᠎ᠠ ᠯᠢᠦ ᠰᠢᠶᠤᠤ ᠮᠢᠨ ᠥᠪᠥᠷ ᠮᠣᠩᠭᠤᠯ ᠤᠨ ᠱᠠᠩᠳᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠱᠠᠩᠳᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠦᠯᠦᠭᠯᠡᠯ | ᠤᠨ ᠬᠢᠵᠠᠭᠠᠷᠲᠤ ᠺᠣᠮᠫᠠᠨᠢ ᠪᠠᠷ ᠭᠦᠨᠵᠡᠭᠡᠶᠢᠷᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ | ᠣᠳᠣᠬᠢ ᠪᠠᠶᠢᠳᠠᠯ ᠢ ᠪᠠᠶᠢᠴᠠᠭᠠᠨ ᠰᠤᠳᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠬᠦ᠂ ᠡᠵᠡᠩᠨᠡᠯᠲᠡ ᠬᠠᠮᠢᠶᠠᠷᠤᠯᠲᠠ ᠶᠢ ᠰᠢᠯᠢᠳᠡᠭᠵᠢᠭᠦᠯᠬᠦ ᠵᠢᠴᠢ ᠠᠷᠠᠳ ᠤᠨ ᠠᠮᠢᠳᠤᠷᠠᠯ ᠳᠤ | ᠦᠶᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠠᠰᠠᠭᠤᠳᠠᠯ ᠤᠨ ᠲᠤᠭᠤᠷᠢᠨ ᠳᠤ ᠭᠤᠤᠯᠳᠠᠯᠭ᠎ᠠ ᠲᠠᠢ | ᠠᠵᠢᠯ ᠢ ᠪᠠᠶᠢᠷᠢᠯᠠᠭᠤᠯᠤᠭᠰᠠᠨ ᠪᠠᠶᠢᠨ᠎ᠠ᠃ ᠬᠤᠰᠢᠭᠤ ᠳᠡᠳ᠋ ᠳᠠᠷᠤᠭ᠎ᠠ ᠵᠠᠩ ᠶᠦᠩ ᠵᠢᠶᠧ ᠪᠠᠶᠢᠴᠠᠭᠠᠨ ᠰᠤᠳᠤᠯᠤᠯᠲᠠ | ᠳᠤ ᠤᠷᠤᠯᠴᠠᠵᠠᠢ᠃ | ᠥᠪᠥᠷ ᠮᠣᠩᠭᠤᠯ ᠤᠨ ᠱᠠᠩᠳᠤ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ | ᠬᠢᠵᠠᠭᠠᠷᠲᠤ ᠺᠣᠮᠫᠠᠨᠢ ᠳᠤ᠂ ᠯᠢᠦ ᠰᠢᠶᠤᠤ ᠮᠢᠨ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠲᠦᠷᠦᠯ ᠵᠦᠢᠯ | ᠤᠨ ᠠᠬᠢᠴᠠ ᠵᠢᠴᠢ ᠠᠵᠢᠯᠳᠠᠨ ᠠᠵᠢᠯᠴᠢᠨ ᠤ ᠣᠷᠣᠯᠭ᠎ᠠ ᠶᠢᠨ ᠪᠠᠲᠤᠯᠠᠭ᠎ᠠ ᠶᠢᠨ ᠪᠠᠶᠢᠳᠠᠯ ᠢ ᠭᠤᠣᠯᠳᠠᠯᠭ᠎ᠠ ᠲᠠᠢ | ᠠᠰᠠᠭᠤᠨ ᠤᠶᠢᠯᠠᠭᠠᠭᠰᠠᠨ ᠤ ᠳᠠᠷᠠᠭ᠎ᠠ᠂ ᠪᠥᠬᠦ ᠬᠤᠰᠢᠭᠤᠨ ᠤ ᠡᠯ᠎ᠡ ᠱᠠᠳᠤᠨ ᠤ ᠬᠢᠨ ᠭᠦᠸᠧ ᠢᠦᠢ ᠹᠧᠩ ᠠᠶᠢᠮᠠᠭ | ᠤᠨ ᠳᠠᠷᠤᠭ᠎ᠠ ᠶᠢᠨ ᠱᠠᠭᠠᠷᠳᠠᠯᠭ᠎ᠠ ᠪᠠᠷ ᠠᠵᠤ ᠠᠬᠤᠶᠢᠯᠠᠯ ᠠᠴᠠ ᠨᠡᠶᠢᠭᠡᠮ ᠤᠨ ᠬᠠᠷᠢᠭᠤᠴᠠᠯᠭ᠎ᠠ ᠪᠠᠨ ᠪᠠᠲᠤ | ᠡᠭᠦᠷᠭᠡᠯᠡᠨ᠂ ︽ᠬᠦᠴᠦᠷᠬᠡᠭᠵᠢᠭᠦᠯᠵᠦ ᠬᠥᠭᠵᠢᠭᠦᠯᠬᠦ︾ ᠬᠠᠷᠠᠯᠲᠠ ᠶᠢ ᠲᠦᠷᠭᠡᠳᠬᠡᠨ ᠪᠡᠶᠡᠯᠡᠭᠦᠯᠵᠦ᠂ ︽ᠬᠤᠪᠢ | ᠣᠷᠣᠭᠤᠯᠬᠤ᠂ ᠬᠠᠮᠲᠤᠷᠠᠬᠤ᠂ ᠪᠡᠶ᠎ᠡ ᠪᠠᠨ ᠳᠠᠭᠠᠭᠠᠨ ᠠᠵᠢᠯᠯᠠᠬᠤ︾ ᠵᠠᠭᠪᠤᠷ ᠢᠶᠠᠷ ᠬᠥᠭᠵᠢᠯᠲᠡ ᠶᠢᠨ ᠠᠷᠭ᠎ᠠ ᠵᠠᠮ | ᠢᠶᠠᠨ ᠥᠷᠭᠡᠳᠬᠡᠵᠦ᠂ ᠠᠵᠤ ᠠᠬᠤᠶᠢᠯᠠᠯ ᠤᠨ ᠰᠣᠯᠢᠯᠴᠠᠭ᠎ᠠ ᠬᠢᠵᠦ ᠬᠠᠷᠢᠯᠴᠠᠨ ᠰᠤᠷᠤᠯᠴᠠᠬᠤ ᠶᠢ ᠴᠢᠩᠭᠠᠳᠬᠠᠨ᠂ | ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠰᠠᠭᠠᠳ ᠢ ᠠᠷᠢᠯᠭᠠᠨ᠂ | ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠠᠵᠤ ᠠᠬᠤᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠠᠬᠢᠭᠤᠯᠬᠤ ᠳᠤᠮᠳᠠ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠯᠡ᠃ | ᠱᠠᠩᠳᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ᠂ | ᠯᠢᠦ ᠰᠢᠶᠤᠤ ᠮᠢᠨ᠂ ᠠᠵᠤ ᠠᠬᠤᠶᠢᠯᠠᠯ ᠬᠠᠷᠢᠭᠤᠴᠠᠯᠭᠠᠲᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠪᠥᠬᠦ | ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ ᠤᠷᠤᠰᠢᠵᠦ ᠪᠠᠶᠢᠭ᠎ᠠ ᠠᠰᠠᠭᠤᠳᠠᠯ ᠢ ᠪᠥᠬᠦ ᠲᠠᠯ᠎ᠠ | ᠪᠠᠷ ᠡᠮᠬᠢᠯᠡᠵᠦ᠂ ᠠᠵᠢᠯᠲᠠᠨ ᠤ ᠡᠩᠨᠡᠭᠡᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠠᠮᠢᠶᠠᠷᠤᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠲᠦᠭᠰᠢᠭᠦᠷᠢ ᠶᠢ ᠰᠡᠷᠭᠡᠶᠢᠯᠡᠬᠦ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠠᠯᠠ | ᠮᠥᠩᠭᠦ ᠶᠢ ᠬᠡᠷᠡᠭᠯᠡᠬᠦ ᠳᠡᠭᠡᠨ ᠵᠢᠷᠤᠮᠵᠢᠭᠤᠨ᠂ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠰᠢᠭᠤ ᠵᠠᠰᠠᠭ ᠤᠨ ᠣᠷᠳᠣᠨ ᠲᠦᠷᠦᠭᠦᠯᠡᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠠᠪᠴᠠᠩ ᠢ ᠪᠠᠶᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠵᠢᠭᠦᠯᠦᠨ ᠲᠥᠷᠥ ᠶᠢᠨ ᠪᠣᠳᠣᠯᠭ᠎ᠠ ᠶᠢᠨ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠬᠦ᠂ | ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠤ | ᠠᠬᠤᠶᠢᠯᠠᠯ ᠤᠨ ᠬᠥᠭᠵᠢᠯᠲᠡ ᠳᠤ ᠲᠦᠷᠢᠮ ᠤᠨ ᠪᠠᠳᠤᠯᠠᠭ᠎ᠠ ᠬᠠᠩᠭᠠᠬᠤ ᠭᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃ | | |