5 ᠳ᠋ᠤᠭᠠᠷ ᠰᠠᠷ᠎ᠠ ᠶᠢᠨ 12 ᠤᠨ ᠡᠳᠦᠷ᠂ ᠰᠢᠯᠤᠭᠤᠨ ᠬᠥᠬᠡ ᠬᠤᠰᠢᠭᠤᠨ ᠤ ᠦᠶᠯᠡᠳᠪᠦᠷᠢ ᠬᠤᠳᠠᠯᠳᠤᠭᠠᠨ | ᠤ ᠬᠤᠯᠪᠤᠭᠠᠳᠤ ᠬᠤᠷᠠᠯ ᠤᠨ ᠵᠢᠷᠭᠤᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠭᠦᠶᠴᠡᠳᠬᠡᠬᠦ ᠵᠥᠪᠯᠡᠯ | ᠤᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠡᠷᠬᠢᠮ ᠬᠤᠷᠠᠯ ᠳᠤ ᠣᠷᠣᠯᠴᠠᠵᠤ ᠶᠠᠷᠢᠶ᠎ᠠ ᠳᠠᠯᠪᠢᠯ᠎ᠠ᠃ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠨᠡᠷ᠎ᠡ ᠳᠤᠷᠠᠳᠤᠭᠰᠠᠨ ᠳᠡᠳ᠋ ᠲᠡᠷᠢᠭᠦᠯᠡᠭᠴᠢ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠲᠡᠷᠢᠭᠦᠯᠡᠭᠴᠢ ᠵᠠᠩ ᠵᠢᠶᠦ᠋ᠨ ᠠᠵᠢᠯ ᠤᠨ ᠢᠯᠡᠳᠭᠡᠯ ᠬᠢᠵᠦ᠂ ᠬᠦᠢᠴᠡᠳᠭᠡᠭᠦ ᠵᠦᠪᠯᠡᠯ ᠤᠨ ᠪᠦᠬᠦ ᠬᠡᠰᠢᠬᠦᠳ ᠵᠢᠴᠢ | ᠪᠠᠶᠢᠭᠤᠯᠭ᠎ᠠ ᠶᠢᠨ ᠺᠠᠳ᠋ᠷ ᠠᠵᠢᠯᠲᠠᠨ ᠬᠤᠷᠠᠯ ᠳᠤ ᠤᠷᠤᠯᠴᠠᠵᠠᠢ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ | ᠤᠯᠤᠰ ᠤᠨ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠭᠤᠷᠪᠠᠳᠤᠭᠠᠷ ᠣᠳᠠᠭᠠᠨ ᠤ ᠭᠦᠶᠴᠡᠳᠬᠡᠬᠦ ᠵᠥᠪᠯᠡᠯ ᠤᠨ ᠬᠤᠷᠠᠯ ᠵᠡᠷᠭᠡ ᠳᠡᠭᠡᠳᠦ ᠱᠠᠲᠤᠨ ᠤ ᠬᠤᠯᠪᠣᠭᠳᠠᠯ ᠪᠥᠬᠦᠶ | ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠠᠵᠢᠯᠲᠠᠨ ᠤ ᠶᠠᠪᠤᠳᠠᠯ ᠪᠠ ᠬᠤᠷᠠᠯ ᠤᠨ ᠵᠠᠷᠤᠳᠠᠯ ᠰᠦᠶᠳᠬᠡᠯ ᠤᠨ | ᠬᠠᠮᠢᠶ᠎ᠠ ᠲᠠᠢ ᠰᠢᠶᠳᠪᠦᠷᠢ ᠶᠢ ᠬᠢᠨᠠᠨ ᠵᠥᠪᠯᠡᠵᠦ ᠪᠠᠳᠤᠯᠠᠭᠰᠠᠨ ᠪᠠᠶᠢᠨ᠎ᠠ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠭᠦᠷᠭᠡ | ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠦᠢᠯᠡᠳᠦᠯ | ᠦᠵᠡᠭᠦᠯᠦᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠦᠶᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠪᠠᠶᠢᠭᠤᠯᠭ᠎ᠠ ᠦᠶᠯᠡᠴᠢᠯᠡᠭᠡᠨ ᠤ ᠤᠬᠠᠮᠰᠠᠷ ᠢᠶᠠᠨ | ᠴᠢᠩᠭᠠᠳᠬᠠᠵᠤ᠂ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠭᠦᠶᠴᠡᠳᠬᠡᠬᠦ ᠵᠥᠪᠯᠡᠯ ᠤᠨ | ᠠᠵᠤ ᠠᠬᠤᠶᠢᠯᠠᠯᠲᠠ᠊ ︽ᠳᠠᠭᠠᠭᠤᠯᠤᠭᠴᠢ︾ ᠶᠢᠨ ᠦᠶᠯᠡᠳᠦᠯ ᠢᠶᠠᠨ ᠪᠠᠳᠠᠷᠠᠭᠤᠯᠵᠤ᠂ ᠰᠢᠯᠤᠭᠤᠨ ᠬᠥᠬᠡ ᠬᠤᠰᠢᠭᠤᠨ | ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠭᠰᠠᠨ | ᠪᠠᠶᠢᠨ᠎ᠠ᠃ | ᠬᠤᠷᠠᠯ ᠠᠴᠠ ᠡᠮᠦᠨ᠎ᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠰᠠᠭᠤᠳᠠᠯ ᠵᠢᠴᠢ | ᠠᠷᠭᠠᠴᠠᠭᠠᠬᠤ ᠪᠤᠳᠤᠯᠭ᠎ᠠ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠰᠡᠳᠦᠪᠲᠦ ᠪᠣᠯᠪᠠᠰᠤᠷᠠᠯ ᠬᠢᠵᠡᠢ᠃ | |