ᠰᠢᠯᠤᠭᠤᠨ ᠬᠥᠬᠡ ᠬᠤᠰᠢᠭᠤ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2025/5/19
     5 ᠰᠠᠷ᠎ᠠ ᠶᠢᠨ 12 ᠤᠨ ᠡᠳᠦᠷ᠂ ᠰᠢᠯᠤᠭᠤᠨ ᠬᠥᠬᠡ ᠬᠤᠰᠢᠭᠤ 2025 ᠣᠨ ᠤ ᠪᠥᠬᠦ ᠬᠤᠰᠢᠭᠤᠨ ᠤ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠵᠢᠴᠢ ᠰᠢᠯᠤᠭᠤᠨ ᠬᠥᠬᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠠᠵᠢᠯᠲᠠᠨ ᠠᠵᠢᠯᠴᠢᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠡᠷᠬᠢᠯᠡᠯ᠎ᠡ᠃      ᠤᠷᠤᠯᠳᠤᠭᠠᠨ ᠢ ᠰᠢᠯᠤᠭᠤᠨ ᠬᠥᠬᠡ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠣᠯᠤᠨ ᠰᠢᠯᠤᠭᠤᠨ ᠬᠥᠬᠡ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠬᠠᠮᠲᠤᠷᠠᠨ ᠡᠷᠭᠢᠯᠡᠵᠦ᠂ ᠤᠨᠤᠯ ᠤᠨ ᠮᠡᠳᠡᠯᠭᠡ ᠶᠢᠨ ᠰᠢᠯᠭᠠᠯᠳᠠ ᠪᠠ ᠤᠷ᠎ᠠ ᠴᠢᠳᠠᠪᠤᠷᠢᠢ ᠶᠢᠨ ᠰᠢᠯᠭᠠᠷᠠᠭᠤᠯᠤᠯᠳᠠ ᠭᠡᠵᠦ ᠬᠤᠶᠠᠷ ᠲᠦᠷᠦᠯ ᠬᠤᠪᠢᠶᠠᠨ ᠶᠠᠪᠤᠭᠳᠠᠭᠤᠯᠵᠠᠢ᠃     ᠤᠨᠤᠯ ᠤᠨ ᠰᠢᠯᠭᠠᠯᠳᠠ ᠨᠢ ᠴᠠᠬᠢᠯᠭᠠᠨ ᠬᠦᠴᠦᠨ ᠤ ᠰᠢᠰᠲ᠋ᠧᠮ ᠤᠨ ᠣᠨᠣᠯ ᠤᠨ ᠮᠡᠳᠡᠯᠭᠡ᠂ ᠠᠵᠢᠯ ᠲᠥᠷᠥᠯ  ᠤᠨ ᠵᠢᠷᠤᠮᠯᠠᠬᠤ ᠱᠠᠭᠠᠷᠳᠠᠯᠭ᠎ᠠ᠂ ᠠᠮᠤᠷ ᠲᠦᠪᠰᠢᠨ ᠠᠵᠢᠯᠯᠠᠬᠤ ᠲᠦᠷᠢᠮ ᠵᠡᠷᠭᠡ ᠠᠭᠤᠯᠭ᠎ᠠ ᠶᠢᠨ ᠲᠣᠭᠤᠷᠢᠨ ᠳᠤ ᠠᠵᠢᠯᠳᠠᠨ ᠠᠵᠢᠯᠴᠢᠳ ᠤᠨ ᠶᠡᠷᠦ ᠶᠢᠨ ᠮᠡᠳᠡᠯᠭᠡ ᠶᠢ ᠰᠢᠯᠭᠠᠨ ᠪᠠᠶᠢᠴᠠᠭᠠᠵᠤ᠂ ᠤᠷ᠎ᠠ ᠴᠢᠳᠠᠪᠤᠷᠢ ᠶᠢᠨ ᠰᠢᠯᠭᠠᠷᠠᠭᠤᠯᠤᠯᠳᠠ ᠳᠤ ᠴᠠᠬᠢᠯᠭᠠᠨ ᠤᠳᠠᠰᠤᠨ ᠤ ᠵᠠᠯᠭᠠᠯᠳᠠ ᠦᠢᠯᠡᠳᠬᠦ᠂ ᠬᠦᠨᠳᠡᠶᠢᠷᠡᠭᠦᠯᠦᠭᠴᠢ ᠰᠤᠯᠢᠬᠤ ᠵᠡᠷᠭᠡ ᠠᠭᠤᠯᠭ᠎ᠠ ᠶᠢ ᠲᠤᠬᠢᠷᠠᠭᠤᠯᠵᠤ᠂ ᠤᠷᠤᠯᠴᠠᠭᠰᠠᠳ ᠠᠮᠤᠷ ᠲᠦᠪᠰᠢᠨ ᠤ ᠲᠦᠷᠢᠮᠵᠢᠯ ᠢ ᠴᠢᠩᠭ᠎ᠠ ᠵᠢᠷᠤᠮᠯᠠᠭᠰᠠᠨ ᠤᠷᠢᠳᠠᠯ ᠳᠤᠤᠷ᠎ᠠ ᠲᠤᠰᠬᠠᠶ ᠮᠡᠷᠭᠡᠵᠢᠯ ᠤᠨ ᠴᠢᠳᠠᠪᠤᠷᠢ ᠪᠠ ᠠᠵᠢᠯ ᠤᠨ ᠲᠤᠷᠰᠢᠯᠭ᠎ᠠ ᠳᠠᠭᠠᠨ ᠲᠦᠰᠢᠭᠯᠡᠨ ᠳᠤᠭᠳᠠᠭᠰᠠᠨ ᠬᠤᠭᠤᠴᠠᠭᠠᠨ ᠳᠤ ᠡᠯ᠎ᠡ ᠵᠦᠶᠯ ᠤᠨ ᠡᠭᠦᠷᠭᠡ ᠪᠠᠨ ᠥᠨᠳᠥᠷ ᠪᠦᠲᠦᠮᠵᠢᠲᠡᠶ ᠪᠠᠷ ᠪᠡᠶᠡᠯᠡᠭᠦᠯᠦᠭᠰᠡᠨ ᠪᠠᠶᠢᠨ᠎ᠠ᠃      ᠲᠣᠰ ᠤᠳᠠᠭᠠᠨ ᠤ ᠤᠷᠤᠯᠳᠤᠭᠠᠨ ᠨᠢ ᠪᠥᠬᠦ ᠬᠤᠰᠢᠭᠤᠨ ᠤ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠲᠠᠨ ᠠᠵᠢᠯᠴᠢᠨ ᠳᠤ ᠮᠡᠷᠭᠡᠵᠢᠯ ᠴᠢᠳᠠᠪᠤᠷᠢ ᠪᠠᠨ ᠬᠠᠷᠠᠭᠤᠯᠬᠤ᠂ ᠤᠷ᠎ᠠ ᠮᠡᠷᠭᠡᠵᠢᠯ ᠢᠶᠠᠨ ᠰᠣᠯᠢᠯᠴᠠᠬᠤ᠂ ᠬᠠᠷᠢᠯᠴᠠᠨ ᠰᠤᠷᠤᠯᠴᠠᠬᠤ ᠲᠠᠪᠴᠠᠩ ᠬᠠᠩᠭᠠᠨ ᠦᠭᠭᠦᠭᠰᠡᠨ ᠢᠶᠠᠷ ᠪᠠᠷᠠᠬᠤ ᠦᠭᠡᠢ ᠳᠡᠳᠡᠨ ᠤ ᠬᠤᠶᠢᠰᠢᠳᠠ ᠲᠤᠰᠬᠠᠢ ᠮᠡᠷᠭᠡᠵᠢᠯ ᠤᠨ ᠲᠠᠯ᠎ᠠ ᠪᠠᠷ ᠤᠯᠠᠮ ᠳᠡᠭᠡᠭᠰᠢᠯᠡᠬᠦᠯᠬᠦ᠂ ᠬᠡᠪ ᠴᠢᠨᠠᠷ ᠢᠶᠠᠨ ᠴᠢᠩᠭᠠᠳᠬᠠᠬᠤ ᠳᠤ ᠰᠠᠶᠢᠨ ᠰᠠᠭᠤᠷᠢ ᠳᠠᠯᠪᠢᠵᠦ ᠦᠭᠭᠦᠭᠰᠡᠨ ᠪᠠᠶᠢᠨ᠎ᠠ᠃   
 
ᠢᠷᠡᠯᠲᠡ᠄ ᠰᠢᠯᠤᠭᠤᠨ ᠬᠥᠬᠡ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号