5 ᠰᠠᠷ᠎ᠠ ᠶᠢᠨ 18 ᠤ ᠡᠳᠦᠷ᠂ ᠰᠢᠯᠤᠭᠤᠨ ᠬᠥᠬᠡ ᠬᠤᠰᠢᠭᠤᠨ ᠤ 2025 ᠣᠨ ᠤ ︽ᠣᠯᠠᠨ ᠤᠯᠤᠰ | ᠤᠨ ᠮᠦᠽᠧᠶ ᠶᠢᠨ ᠡᠳᠦᠷ︾ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠰᠢᠷᠢᠰ ᠠᠵᠢᠯᠯᠠᠭ᠎ᠠ | ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠤ ᠶᠠᠪᠤᠭᠳᠠᠵᠤ᠂ 2025 ᠣᠨ ᠤ ᠵᠣᠨ ᠤ ᠤᠯᠠᠷᠢᠯ ᠤᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠡᠬᠢᠯᠡᠭᠰᠡᠨ ᠢ ᠵᠠᠷᠯᠠᠯ᠎ᠠ᠃ ᠲᠣᠰ ᠤᠳᠠᠭᠠᠨ ᠤ ᠠᠵᠢᠯᠯᠠᠭ᠎ᠠ ᠨᠢ ᠶᠤᠸᠠᠨ ᠤ ᠳᠡᠭᠡᠳᠦ | ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠢ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ | ᠶᠢᠨ ᠣᠷᠣᠨ ᠪᠣᠯᠭᠠᠨ ᠪᠥᠲᠥᠭᠡᠨ ᠪᠠᠶᠢᠭᠤᠯᠬᠤ ᠪᠠᠷ ᠭᠤᠤᠯ ᠭᠠᠷᠳᠠᠴᠠ ᠪᠣᠯᠭᠠᠵᠤ᠂ ᠰᠣᠶᠣᠯ ᠵᠢᠭᠤᠯᠴᠢᠯᠠᠯ ᠤᠨ | ᠭᠦᠨᠵᠡᠭᠡᠶ ᠠᠭᠤᠰᠤᠯᠴᠠᠯ ᠢ ᠨᠠᠩ ᠥᠨᠳᠥᠷ ᠲᠦᠪᠰᠢᠨ ᠳᠠᠰᠢ ᠠᠬᠢᠭᠤᠯᠬᠤ ᠪᠣᠯᠤᠨ᠎ᠠ᠃ | ᠦᠳᠡ ᠶᠢᠨ ᠡᠮᠦᠨᠡᠬᠢ 10 ᠴᠠᠭ ᠲᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ | ᠣᠷᠣᠨ ᠳᠤ ᠤᠯᠠᠨ ᠬᠦᠮᠦᠰ ᠴᠤᠭᠯᠠᠷᠠᠨ᠂ ᠬᠦᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ ᠰᠢᠯᠢ ᠶᠢᠨ ᠭᠤᠤᠯ | ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠰᠣᠶᠣᠯ | ᠵᠢᠭᠤᠯᠴᠢᠯᠠᠯ ᠤᠨ ᠦᠶᠯᠡᠰ ᠤᠨ ᠨᠡᠷ᠎ᠡ ᠬᠦᠨᠳᠦᠲᠦ ᠲᠤᠰᠬᠠᠶ ᠮᠡᠷᠭᠡᠵᠢᠯᠲᠡᠨ᠂ ᠣᠷᠣᠨ ᠪᠦᠰᠡ ᠠᠯᠤᠰᠯᠠᠭᠰᠠᠨ | ᠬᠠᠮᠲᠤᠷᠠᠯᠴᠠᠭᠠᠨ ᠤ ᠨᠢᠭᠡᠴᠢ ᠶᠢᠨ ᠲᠥᠯᠥᠭᠡᠯᠡᠭᠴᠢ᠂ ᠵᠠᠭᠤᠴᠢᠯᠠᠭᠤᠷ ᠤᠨ ᠰᠤᠷᠪᠤᠯᠵᠢᠯᠠᠭᠴᠢ᠂ ᠵᠤᠭᠠᠴᠠᠭᠰᠠᠳ ᠵᠢᠴᠢ | ᠲᠤᠬᠠᠶ ᠶᠢᠨ ᠭᠠᠵᠠᠷ ᠤᠨ ᠺᠠᠳ᠋ᠷ ᠣᠯᠠᠨ ᠲᠦᠮᠡᠨ ᠮᠢᠩᠭ᠎ᠠ ᠭᠠᠷᠤᠶ ᠬᠥᠮᠦᠨ ᠶᠤᠸᠠᠨ ᠤ ᠳᠡᠭᠡᠳᠦ ᠨᠡᠶᠢᠰᠯᠡᠯ ᠤᠨ | ᠪᠠᠭᠤᠷᠢ ᠶᠢᠨ ᠦᠵᠡᠮᠵᠢ ᠶᠢᠨ ᠣᠷᠣᠨ ᠢ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ | ᠪᠤᠯᠭᠠᠨ ᠪᠦᠲᠦᠭᠡᠨ ᠪᠠᠶᠢᠭᠤᠯᠬᠤ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠮᠣᠷᠢᠨ ᠬᠤᠭᠤᠷ ᠤᠨ ᠠᠶᠠᠰ ᠢᠶᠠᠷ ᠡᠬᠢᠯᠡᠯᠳᠡ ᠶᠢᠨ ᠬᠦᠰᠢᠭᠡ ᠶᠢ ᠰᠡᠬᠦᠵᠦ᠂ ᠨᠡᠷᠡᠳᠦ ᠳᠠᠭᠤᠴᠢᠨ ᠬᠠᠯᠢᠨ | ᠠᠶ᠎ᠠ ᠳᠠᠭᠤᠤ ᠪᠠᠷ ᠢᠶᠠᠨ ᠠᠬᠤᠢ ᠳᠠᠯᠠᠪᠠᠢ ᠶᠢᠨ ᠠᠭᠤᠷ ᠠᠮᠢᠰᠬᠤᠯ ᠢ ᠬᠦᠭᠵᠢᠭᠡᠨ᠂ ᠰᠢᠯᠤᠭᠤᠨ ᠬᠥᠬᠡ ᠬᠤᠰᠢᠭᠤᠨ | ᠤ ᠤᠯᠠᠭᠠᠨᠮᠥ᠋ᠴᠢᠷ ᠤᠨ ᠲᠤᠭᠯᠠᠭᠴᠢᠳ ︽ᠰᠢᠯᠤᠭᠤᠨ ᠬᠥᠬᠡ︾ ᠵᠡᠷᠭᠡ ᠲᠣᠭᠯᠠᠯᠲᠠ ᠪᠠᠷ ᠬᠤᠰᠢᠭᠤ ᠨᠤᠳᠤᠭ ᠤᠨ | ᠥᠪᠡᠷᠮᠢᠴᠡ ᠰᠣᠶᠣᠯ ᠤᠨ ᠷᠢᠳᠢ ᠰᠢᠳᠢ ᠶᠢ ᠤᠯᠠᠨ ᠳᠤ ᠬᠠᠷᠠᠭᠤᠯᠤᠯ᠎ᠠ᠃ | ᠣᠷᠣᠨ ᠪᠦᠰᠡ ᠶᠢᠨ ᠬᠠᠮᠳᠤᠷᠠᠯᠴᠠᠭ᠎ᠠ ᠨᠢ ᠲᠤᠰ ᠤᠳᠠᠭᠠᠨ ᠤ ᠠᠵᠢᠯᠯᠠᠭ᠎ᠠ ᠶᠢᠨ ᠬᠢᠯᠠᠰ ᠴᠡᠭ ᠪᠤᠯᠵᠤ᠂ | ᠰᠢᠯᠤᠭᠤᠨ ᠬᠥᠬᠡ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ | ᠾᠧᠪᠧᠶ ᠮᠤᠵᠢ ᠶᠢᠨ ᠬᠥ᠋ ᠶᠤᠸᠠᠨ ᠰᠢᠶᠠᠨ᠂ ᠹᠧᠩ ᠨᠢᠩ ᠰᠢᠶᠠᠨ᠂ ᠤᠯᠠᠭᠠᠨᠬᠠᠳᠠ ᠬᠤᠲᠠ ᠶᠢᠨ ᠬᠡᠰᠢᠭᠲᠡᠨ | ᠬᠤᠰᠢᠭᠤ᠂ ᠰᠢᠯᠢ ᠶᠢᠨ ᠭᠤᠤᠯ ᠠᠶᠢᠮᠠᠭ ᠤᠨ ᠳᠣᠯᠣᠨ ᠨᠠᠭᠤᠷ ᠰᠢᠶᠠᠨ᠂ ᠰᠢᠯᠤᠭᠤᠨ ᠬᠥᠪᠡᠭᠡᠲᠦ ᠴᠠᠭᠠᠨ ᠬᠤᠰᠢᠭᠤ᠂ | ᠲᠠᠶᠢᠫᠦᠰᠧ ᠬᠤᠰᠢᠭᠤ ᠵᠡᠷᠭᠡ ᠵᠢᠷᠭᠤᠭᠠᠨ ᠭᠠᠵᠠᠷ ᠤᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠣᠷᠣᠨ | ᠪᠦᠰᠡ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠵᠠᠢ᠃ ᠡᠯ᠎ᠡ ᠲᠠᠯ᠎ᠠ ᠶᠢᠨ ᠬᠢᠨ | ᠵᠤᠴᠢᠳ ᠢᠶᠠᠨ ᠬᠠᠷᠢᠯᠴᠠᠨ ᠬᠦᠷᠭᠡᠬᠦ᠂ ᠬᠤᠯᠪᠣᠭᠠᠯᠠᠨ ᠡᠵᠡᠩᠨᠡᠨ ᠪᠣᠷᠣᠯᠠᠭᠤᠯᠬᠤ᠂ ᠲᠥᠷᠥᠯ ᠲᠡᠮᠳᠡᠭ ᠢ ᠬᠠᠮᠲᠤ ᠪᠠᠷ | ᠪᠠᠶᠢᠭᠤᠯᠬᠤ ᠵᠡᠷᠭᠡ ᠣᠯᠠᠨ ᠡᠰᠢᠵᠢᠭᠰᠡᠨ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠷᠣᠨ ᠪᠦᠰᠡ | ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ ᠲᠠᠰ ᠳᠠᠪᠬᠤᠷᠭ᠎ᠠ ᠶᠢᠨ᠂ ᠥᠷᠭᠡᠨ ᠬᠡᠪᠴᠢᠶᠠᠨ ᠤ ᠨᠥᠬᠦᠷᠰᠡᠭ | ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠰᠣᠶᠣᠯ ᠵᠢᠭᠤᠯᠴᠢᠯᠠᠯ ᠤᠨ | ᠬᠤᠯᠪᠣᠭᠠᠯᠠᠨ ᠬᠥᠭᠵᠢᠬᠦ ᠴᠣ ᠰᠢᠨ᠎ᠡ ᠪᠠᠶᠢᠷᠢᠰᠢᠯ ᠢ ᠡᠭᠦᠳᠬᠦ ᠪᠤᠯᠤᠨ᠎ᠠ᠃ | ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠬᠠᠮᠳᠤ ᠳᠠᠭᠠᠨ ︽ᠤᠯᠤᠰ ᠤᠨ 5A ᠲᠠᠰ ᠤᠨ | ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ︾ ᠳᠠᠷᠤᠪᠴᠢ ᠶᠢ ᠳᠠᠷᠤᠵᠤ᠂ ᠡᠭᠦᠪᠡᠷ ᠶᠤᠸᠠᠨ ᠤ ᠳᠡᠭᠡᠳᠦ | ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠠᠵᠢᠯ ᠴᠣ ᠰᠢᠨ᠎ᠡ ᠱᠠᠲᠤᠨ ᠳᠤ ᠣᠷᠣᠭᠰᠠᠨ ᠪᠠ | ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠠᠵᠢᠯ ᠵᠠᠩᠭᠢᠯᠠᠭ᠎ᠠ ᠶᠢᠨ | ᠨᠢᠭᠡ ᠠᠯᠬᠤᠮ ᠠᠬᠢᠭᠰᠠᠨ ᠢ ᠪᠡᠯᠭᠡᠳᠡᠯᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠤᠷ ᠤᠨ ᠭᠠᠭᠴᠠ ᠳᠡᠯᠡᠬᠡᠢ ᠶᠢᠨ ᠰᠣᠶᠣᠯ ᠤᠨ | ᠥᠪ ᠪᠤᠯᠬᠤ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠳᠤ ᠣᠷᠳᠣᠨ ᠬᠤᠳᠠ᠂ ᠬᠠᠭᠠᠨ ᠤ ᠬᠤᠳᠠ᠂ ᠭᠠᠳᠠᠷ | ᠬᠤᠳᠠ ᠭᠤᠷᠪᠠᠨ ᠳᠠᠪᠬᠤᠷ ᠬᠤᠳᠠ ᠶᠢᠨ ᠪᠠᠭᠤᠷᠢ ᠪᠦᠷᠢᠨ ᠪᠦᠲᠦᠨ ᠬᠠᠳᠠᠭᠠᠯᠠᠭᠳᠠᠵᠤ᠂ ᠨᠡᠬᠦᠳᠡᠯ ᠰᠤᠶᠤᠯ ᠪᠠ | ᠲᠠᠷᠢᠶᠠᠯᠠᠬᠤ ᠰᠤᠶᠤᠯ ᠲᠡᠦᠬᠡ ᠶᠢᠨ ᠤᠷᠳᠤ ᠠᠶᠠᠨ ᠳᠤ ᠬᠠᠷᠢᠯᠴᠠᠨ ᠠᠭᠤᠰᠤᠯᠴᠠᠵᠤ᠂ ᠡᠶ᠎ᠡ ᠵᠣᠬᠢᠴᠠᠩᠭᠤᠢ ᠪᠠᠷ | ᠬᠠᠮᠲᠤ ᠤᠷᠤᠰᠢᠭᠰᠠᠨ ᠰᠦᠷᠯᠢᠭ ᠰᠠᠶᠢᠬᠠᠨ ᠵᠢᠷᠤᠭ ᠢ ᠠᠮᠢᠳᠤᠯᠢᠭ ᠢᠶᠠᠷ ᠳᠡᠯᠭᠡᠨ ᠬᠠᠷᠠᠭᠤᠯᠤᠭᠰᠠᠨ ᠨᠢ ᠳᠤᠮᠳᠠᠳᠤ | ᠶᠢᠨ ᠪᠣᠯᠪᠠᠰᠤᠨ ᠤ ᠤᠯᠠᠨ ᠡᠰᠢᠵᠢᠭᠰᠡᠨ ᠨᠢᠭᠡ ᠴᠤᠬᠴᠠᠵᠢᠬᠰᠠᠨ ᠪᠠᠶᠢᠷᠢᠰᠢᠯ ᠤᠨ ᠴᠢᠬᠤᠯᠠ ᠭᠡᠷᠡᠴᠢ ᠪᠣᠯᠬᠤ ᠶᠤᠮ᠃ | ᠰᠢᠯᠤᠭᠤᠨ ᠬᠦᠭᠡ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠠᠤ᠋ ᠲᠧᠯᠸᠢᠰ ᠤᠨ ᠲᠤᠪᠴᠢᠶᠠᠨ ᠤ | ᠳᠠᠷᠤᠭ᠎ᠠ ᠰᠢᠨᠡᠳᠭᠡ ᠬᠡᠯᠡᠬᠦ ᠳᠡᠭᠡᠨ᠄ ︽ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ | ᠡᠭᠦᠳᠦᠨ ᠪᠠᠶᠢᠭᠤᠯᠬᠤ ᠪᠣᠯ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠪᠠ ᠬᠦᠭᠵᠢᠬᠦᠯᠬᠦ ᠴᠢᠬᠤᠯᠠ | ᠠᠵᠠ ᠲᠣᠬᠢᠶᠠᠯ ᠪᠣᠯᠤᠨ᠎ᠠ᠂ ᠪᠢᠳᠡ ᠰᠣᠶᠣᠯ ᠤᠨ ᠥᠪ ᠢᠶᠠᠨ ᠰᠠᠶᠢᠲᠤᠷ ᠬᠠᠮᠠᠭᠠᠯᠠᠬᠤ ᠪᠠᠷ ᠪᠠᠷᠠᠬᠤ ᠥᠬᠡᠶ ᠨᠠᠩ ᠴᠤ | ︿ᠠᠮᠢᠯᠠᠭᠤᠯᠵᠤ﹀᠂ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠭᠤᠤᠯ ᠬᠥᠳᠡᠯᠭᠡᠬᠦ ᠬᠦᠴᠦᠨ | ᠪᠤᠯᠭᠠᠨ᠎ᠠ᠃ ᠨᠢᠭᠡ ᠲᠠᠯ᠎ᠠ ᠪᠠᠷ ᠪᠠᠭᠤᠷᠢ ᠶᠢᠨ ᠬᠠᠮᠠᠭᠠᠯᠠᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠳᠡᠯᠡᠬᠡᠶ ᠶᠢᠨ ᠰᠣᠶᠣᠯ ᠤᠨ ᠥᠪ ᠢ ᠨᠠᠩ ᠰᠢᠨᠵᠢᠯᠡᠬᠦ ᠤᠬᠠᠭᠠᠨᠴᠢ᠂ ᠨᠠᠩ ᠰᠢᠰᠲ᠋ᠧᠮ ᠲᠠᠢ | ᠰᠠᠬᠢᠨ ᠬᠠᠮᠠᠭᠠᠯᠠᠨ᠎ᠠ᠃ ᠨᠥᠭᠦᠭᠡ ᠲᠠᠯ᠎ᠠ ᠪᠠᠷ᠂ 5A ᠳᠡᠰ ᠤᠨ ᠦᠵᠡᠮᠵᠢ ᠶᠢᠨ ᠤᠷᠤᠨ ᠢ ᠡᠭᠦᠳᠦᠨ ᠪᠠᠶᠢᠭᠤᠯᠬᠤ | ᠨᠢ ᠦᠵᠡᠮᠵᠢ ᠶᠢᠨ ᠣᠷᠣᠨ ᠤ ᠦᠶᠯᠡᠴᠢᠯᠡᠭᠡᠨ ᠤ ᠴᠢᠨᠠᠷ ᠴᠢᠨᠰᠠᠭ᠎ᠠ᠂ ᠲᠥᠬᠦᠭᠡᠷᠦᠮᠵᠢ ᠶᠢᠨ ᠪᠥᠬᠦ ᠲᠠᠯ᠎ᠠ ᠪᠠᠷ ᠲᠠᠰ | ᠳᠡᠪᠰᠢᠬᠦ ᠶᠢ ᠠᠬᠢᠭᠤᠯᠵᠤ᠂ ᠴᠢᠨᠠᠷ ᠰᠠᠶᠢᠲᠠᠶ ᠵᠢᠭᠤᠯᠴᠢᠯᠠᠯ ᠢ ᠪᠡᠶᠡᠴᠢᠯᠡᠨ ᠣᠶᠢᠯᠠᠭᠠᠬᠤ ᠪᠠᠷ ᠠᠴᠢᠶᠠᠯᠠᠪᠤᠷᠢ ᠪᠣᠯᠭᠠᠨ᠂ | ᠨᠠᠩ ᠣᠯᠠᠨ ᠵᠤᠭᠠᠴᠠᠭᠰᠠᠳ ᠲᠤ ᠶᠤᠸᠠᠨ ᠤ ᠳᠡᠭᠡᠳᠦ ᠨᠡᠶᠢᠰᠯᠡᠯ ᠤᠨ ︿ᠲᠠᠯ᠎ᠠ ᠨᠤᠲᠤᠭ ᠤᠨ ᠨᠡᠶᠢᠰᠯᠡᠯ ᠬᠤᠲᠠ﹀ | ᠶᠢᠨ ᠥᠪᠡᠷᠮᠢᠴᠡ ᠦᠨ᠎ᠡ ᠥᠷᠲᠡᠭ ᠢ ᠮᠡᠳᠡᠷᠡᠭᠦᠯᠬᠦ ᠪᠣᠯᠤᠨ᠎ᠠ︾ ᠭᠡᠯᠡ᠃ | ᠡᠬᠢᠯᠡᠯᠲᠡ ᠶᠢᠨ ᠶᠣᠰᠣᠯᠠᠯ ᠤᠨ ᠳᠠᠷᠠᠭ᠎ᠠ ᠶᠠᠪᠤᠭᠳᠠᠭᠰᠠᠨ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠪᠠᠷ | 100 ᠵᠢᠭᠤᠯᠴᠢᠨ ᠳᠤ ᠶᠤᠸᠠᠨ ᠤ ᠳᠡᠭᠡᠳᠦ ᠨᠡᠶᠢᠰᠯᠡᠯ ᠤᠨ ᠰᠣᠶᠣᠯ ᠤᠨ ᠡᠭᠦᠳᠦᠯᠲᠡ ᠶᠢᠨ ᠪᠡᠯᠡᠭ ᠤᠨ ᠬᠠᠶᠢᠷᠴᠠᠭ | ᠪᠣᠯᠤᠨ ᠰᠢᠯᠤᠭᠤᠨ ᠬᠥᠬᠡ ᠬᠤᠰᠢᠭᠤᠨ ᠤ ᠣᠨᠴᠠᠯᠢᠭᠲᠤ ᠴᠠᠭᠠᠨ ᠢᠳᠡᠭᠡᠨ ᠪᠡᠯᠭᠡᠯᠡᠬᠦ᠂ 1000 ᠬᠤᠪᠢ ᠲᠣᠭᠤᠷᠢᠨ | ᠦᠵᠡᠬᠦ ᠪᠢᠯᠧᠲ ᠳᠠᠷᠬᠠᠭᠠᠬᠤ᠂ ᠳᠤᠭᠤᠶ ᠳᠡᠷᠭᠡᠨ ᠤ ᠪᠠᠭ᠋ᠠᠳᠠᠳ ᠪᠠᠭᠤᠷᠢ ᠶᠢᠨ ᠦᠵᠡᠮᠵᠢ ᠶᠢᠨ ᠵᠠᠮ ᠢᠶᠠᠷ ᠳᠤᠭᠤᠶ | ᠤᠨᠤᠵᠤ ᠠᠶᠠᠯᠠᠬᠤ ᠠᠵᠢᠯᠯᠠᠭ᠎ᠠ ᠦᠷᠨᠢᠬᠦᠯᠵᠡᠢ᠃ | ᠱᠠᠨᠳᠦ᠋ᠩ ᠮᠤᠵᠢ ᠶᠢᠨ ᠽᠢ ᠪᠥᠸᠧ ᠬᠤᠳᠠ ᠶᠢᠨ ᠤᠯᠠᠨ ᠤᠯᠤᠰ ᠤᠨ ᠵᠢᠭᠤᠯᠴᠢᠯᠠᠯ ᠤᠨ ᠺᠤᠮᠫᠠᠨᠢ ᠶᠢᠨ | ᠠᠵᠢᠯᠳᠠᠨ ᠭᠤᠸᠠᠨ ᠫᠧᠩ ᠬᠡᠯᠡᠬᠦ ᠳᠡᠭᠡᠨ᠄ ︽ᠡᠨᠡ ᠤᠳᠠᠭ᠎ᠠ ᠵᠢᠭᠤᠯᠴᠢᠯᠠᠯ ᠤᠨ ᠪᠦᠯᠬᠦᠮ ᠢᠶᠠᠨ ᠳᠠᠭᠠᠵᠤ ᠶᠤᠸᠠᠨ ᠤ | ᠳᠡᠭᠡᠳᠦ ᠨᠡᠶᠢᠰᠯᠡᠯ ᠤᠨ ᠪᠠᠭᠤᠷᠢ ᠳᠤ ᠢᠷᠡᠭᠡᠳ ᠳᠡᠯᠡᠬᠡᠢ ᠶᠢᠨ ᠰᠣᠶᠣᠯ ᠤᠨ ᠥᠪ ᠤᠨ ᠷᠢᠳᠢ ᠰᠢᠳᠢ ᠶᠢ ᠵᠢᠩᠬᠢᠨᠢ | ᠤᠶᠢᠯᠠᠭᠠᠯ᠎ᠠ᠃ ᠪᠢᠳᠡ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ ᠲᠠᠢ | ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠳᠡᠬᠢ ᠥᠪᠡᠷᠮᠢᠴᠡ ᠲᠡᠦᠬᠡ ᠰᠣᠶᠣᠯ ᠪᠣᠯᠤᠨ ᠪᠠᠶᠢᠭᠠᠯᠢ ᠶᠢᠨ ᠥᠩᠭᠡ | ᠦᠵᠡᠮᠵᠢ ᠶᠢ ᠨᠠᠩ ᠣᠯᠠᠨ ᠵᠤᠭᠠᠴᠠᠭᠰᠠᠳ ᠲᠤ ᠲᠠᠨᠢᠯᠴᠠᠭᠤᠯᠬᠤ ᠶᠢ ᠬᠦᠰᠡᠵᠦ ᠪᠠᠶᠢᠨ᠎ᠠ︾ ᠬᠡᠯᠡ᠃ | ᠰᠢᠯᠢ ᠶᠢᠨ ᠭᠤᠣᠯ ᠠᠶᠢᠮᠠᠭ ᠤᠨ ᠰᠣᠶᠣᠯ ᠤᠨ ᠥᠪ ᠤᠨ ᠮᠦᠽᠧᠢ ᠳᠤ ᠤᠯᠠᠨ ᠤᠯᠤᠰ ᠤᠨ ᠮᠦᠽᠧᠢ ᠶᠢᠨ | ᠡᠳᠦᠷ ᠤᠨ ᠰᠢᠷᠢᠰ ᠠᠵᠢᠯᠯᠠᠭ᠎ᠠ ᠶᠠᠪᠤᠭᠳᠠᠵᠤ᠂ ᠮᠦᠽᠧᠶ ᠳᠤ ᠳᠡᠯᠭᠡᠨ ᠦᠵᠡᠭᠦᠯᠵᠦ ᠪᠠᠶᠢᠭ᠎ᠠ 400 ᠭᠠᠷᠤᠶ ᠬᠤᠪᠣᠷ | ᠨᠠᠨᠳᠢᠨ ᠲᠡᠦᠬᠡ ᠶᠢᠨ ᠳᠤᠷᠠᠰᠬᠠᠯᠲᠤ ᠵᠦᠶᠯᠡᠰ ᠨᠢ ᠦᠵᠡᠭᠴᠢᠳ ᠲᠤ ᠲᠡᠦᠬᠡ ᠶᠢᠨ ᠭᠦᠨ ᠵᠤᠵᠠᠭᠠᠨ ᠠᠭᠤᠯᠤᠭᠳᠠᠬᠤᠨ | ᠪᠠ ᠰᠣᠶᠣᠯ ᠤᠨ ᠷᠢᠳᠢ ᠰᠢᠳᠢ ᠶᠢ ᠪᠥᠬᠦ ᠲᠠᠯ᠎ᠠ ᠪᠠᠷ ᠳᠡᠯᠭᠡᠨ ᠬᠠᠷᠠᠭᠤᠯᠵᠤ᠂ ᠠᠬᠤᠢ ᠲᠠᠯᠠᠪᠠᠶ ᠳᠤ 50 ᠭᠠᠷᠤᠶ | ᠪᠢᠴᠢᠬᠠᠨ ᠨᠠᠶᠢᠵᠠ ᠰᠢᠨᠵᠢᠯᠡᠬᠦ ᠤᠬᠠᠭᠠᠨ ᠤ ᠬᠢᠴᠢᠶᠡᠯ᠂ ᠭᠠᠷ ᠤᠷᠠᠯᠠᠯ ᠬᠢᠬᠦ ᠵᠡᠷᠭᠡ ᠠᠵᠢᠯᠯᠠᠭ᠎ᠠ ᠳᠤ ᠪᠡᠶᠡᠴᠢᠯᠡᠨ | ᠤᠷᠤᠯᠴᠠᠵᠤ ᠪᠠᠶᠢᠯ᠎ᠠ᠃ | ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠵᠤᠭᠤᠭ ᠤᠨ ᠦᠷᠦᠭᠡᠨ ᠳᠤ᠂ 5.19 ᠤ ᠤᠯᠤᠰ | ᠤᠨ ᠵᠢᠭᠤᠯᠴᠢᠯᠠᠯ ᠤᠨ ᠡᠳᠦᠷ ᠤᠨ ᠰᠢᠷᠢᠰ ᠠᠵᠢᠯᠯᠠᠭ᠎ᠠ ᠶᠠᠪᠤᠭᠳᠠᠵᠤ᠂ ᠲᠤᠬᠠᠶ ᠶᠢᠨ ᠲᠠᠯᠠᠪᠠᠶ ᠳᠤ ᠠᠯᠳᠠᠩᠬᠤᠸ᠎ᠠ | ᠴᠡᠴᠡᠭ ᠤᠨ ᠭᠠᠷ ᠤᠷᠠᠯᠠᠯ ᠤᠨ ᠪᠦᠲᠦᠭᠡᠭᠳᠡᠬᠦᠨ᠂ ᠴᠠᠭᠠᠨ ᠢᠳᠡᠭᠡᠨ᠂ ᠢᠰᠡᠭᠡᠶ ᠰᠢᠷᠢᠮᠡᠯ᠂ ᠪᠤᠷᠭᠠᠰᠤᠨ ᠭᠦᠷᠦᠮᠡᠯ᠂ | ᠡᠯᠡᠰᠦᠨ ᠵᠢᠷᠤᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠭᠳᠡᠬᠦᠨ ᠢ ᠳᠡᠯᠭᠡᠨ | ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠪᠠ ᠭᠠᠷ ᠤᠷᠠᠴᠤᠳ ᠠᠴᠠ ᠤᠯᠠᠨ ᠳᠤ | ᠭᠠᠷ ᠤᠷᠠᠯᠠᠯ ᠤᠨ ᠪᠦᠲᠦᠭᠡᠭᠳᠡᠭᠦᠨ ᠬᠢᠬᠦ ᠠᠷᠭ᠎ᠠ ᠶᠢ ᠵᠢᠭᠠᠨ ᠵᠢᠯᠤᠭᠤᠳᠤᠯ᠎ᠠ᠃ | | | | | | | ᠲᠣᠰ ᠤᠳᠠᠭᠠᠨ ᠤ ᠠᠵᠢᠯᠯᠠᠭ᠎ᠠ ᠶᠢ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠰᠢᠯᠤᠭᠤᠨ ᠬᠥᠬᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ | ᠡᠷᠭᠢᠯᠡᠵᠦ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠰᠤᠳᠤᠯᠭᠠᠨ ᠤ ᠲᠥᠪ᠂ | ᠰᠢᠯᠤᠭᠤᠨ ᠬᠥᠬᠡ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ | ᠮᠣᠩᠭᠤᠯ ᠤᠨ ᠶᠢᠨ ᠯᠢᠶᠠᠨ ᠴᠤᠸᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠬᠢᠵᠠᠭᠠᠷᠲᠤ | ᠺᠣᠮᠫᠠᠨᠢ ᠳᠠᠭᠠᠭᠠᠴᠢᠯᠠᠨ ᠡᠷᠬᠢᠯᠡᠵᠦ᠂ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠬᠤ ᠪᠠᠷ ᠪᠤᠢ᠃ ᠠᠵᠢᠯᠯᠠᠭᠠᠨ | ᠤ ᠬᠤᠭᠤᠴᠠᠭᠠᠨ ᠳᠤ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ | ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠲᠡᠦᠬᠡ ᠬᠢᠭᠡᠳ | ᠵᠢᠭᠤᠯᠴᠢᠯᠠᠯ ᠰᠣᠶᠣᠯ ᠤᠨ ᠳᠡᠭᠡᠳᠦ ᠰᠤᠷᠭᠠᠭᠤᠯᠢ ᠶᠢᠨ ᠵᠢᠭᠤᠯᠴᠢᠯᠠᠯ ᠢ ᠵᠢᠭᠠᠨ ᠰᠤᠳᠤᠯᠬᠤ ᠲᠠᠰᠤᠭ ᠤᠨ ᠡᠷᠬᠢᠯᠡᠭᠴᠢ | ᠶᠠᠩ ᠼᠦᠨ ᠳ᠋ᠦᠩ ᠢ ᠤᠷᠢᠵᠤ ᠬᠠᠮᠢᠶ᠎ᠠ ᠪᠥᠬᠦᠶ ᠨᠢᠭᠡᠴᠢ ᠳᠤ ᠲᠤᠬᠠᠶᠢᠯᠠᠭᠰᠠᠨ ᠠᠵᠢᠯ ᠤᠨ ᠲᠤᠰᠬᠠᠶ ᠰᠡᠳᠦᠪᠲᠦ | ᠬᠠᠪᠰᠤᠷᠤᠨ ᠵᠢᠯᠣᠭᠤᠳᠣᠯᠭ᠎ᠠ ᠬᠢᠯᠭᠡᠵᠦ᠂ 5 ᠰᠠᠷ᠎ᠠ ᠶᠢᠨ 19 ᠤ ᠡᠳᠦᠷ ᠤᠨ ᠳᠤᠮᠳᠠᠳᠤ ᠤᠯᠤᠰ ᠤᠨ ᠵᠢᠭᠤᠯᠴᠢᠯᠠᠯ | ᠤᠨ ᠡᠳᠦᠷ ᠲᠤ ᠵᠤᠷᠢᠭᠤᠯᠤᠨ ᠰᠢᠯᠤᠭᠤᠨ ᠬᠥᠬᠡ ᠬᠤᠰᠢᠭᠤᠨ ᠤ ᠴᠠᠭᠠᠨ ᠢᠳᠡᠭᠡᠨ ᠤ ᠵᠤᠭᠤᠭ ᠤᠨ ᠦᠷᠦᠭᠡᠨ ᠳᠤ | ᠪᠦᠬᠦᠯᠢ ᠡᠳᠦᠷ ᠤᠨ ᠲᠤᠷᠰᠢ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ ᠠᠵᠢᠯᠯᠠᠭ᠎ᠠ | ᠶᠠᠪᠤᠭᠳᠠᠭᠤᠯᠤᠨ᠂ ᠬᠡᠦᠬᠡᠳ ᠤᠨ ᠪᠥᠬᠡ ᠪᠠᠷᠢᠯᠳᠤᠭᠤᠯᠬᠤ ᠪᠠᠷ ᠪᠤᠢ᠃ | ᠰᠢᠯᠤᠭᠤᠨ ᠬᠦᠭᠡ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠠᠤ᠋ ᠲᠧᠯᠸᠢᠰ ᠤᠨ ᠲᠤᠪᠴᠢᠶᠠᠨ ᠤ | ᠳᠠᠷᠤᠭ᠎ᠠ ᠰᠢᠨᠡᠳᠭᠡ᠄ ︽ᠪᠢᠳᠡ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠲᠠᠰ ᠳᠡᠪᠰᠢᠬᠦᠯᠬᠦ ᠶᠢ ᠪᠥᠬᠦ ᠲᠠᠯ᠎ᠠ | ᠪᠠᠷ ᠠᠬᠢᠭᠤᠯᠵᠤ᠂ ︿ᠶᠤᠸᠠᠨ ᠤ ᠳᠡᠭᠡᠳᠦ ᠨᠡᠶᠢᠰᠯᠡᠯ﹀᠂ ︿ᠠᠯᠳᠠᠩᠬᠤᠸ᠎ᠠ ᠴᠡᠴᠡᠭ﹀᠂ ︿ᠬᠤᠯᠠᠨ ᠰᠢᠷᠭ᠎ᠠ﹀ ᠵᠡᠷᠭᠡ | ᠰᠣᠶᠣᠯ ᠵᠢᠭᠤᠯᠴᠢᠯᠠᠯ ᠤᠨ ᠲᠥᠷᠥᠯ ᠲᠡᠮᠳᠡᠭ ᠢ ᠦᠷᠭᠦᠯᠵᠢᠯᠡᠨ ᠳᠡᠰ ᠳᠡᠪᠰᠢᠬᠦᠯᠦᠨ ᠴᠤᠭᠴᠠᠯᠠᠵᠤ᠂ ᠺᠢᠨᠣ᠋ ᠲᠧᠯᠸᠢᠰ | ᠤᠨ ᠬᠤᠲᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠵᠢᠭᠤᠯᠴᠢᠯᠠᠭᠰᠠᠳ ᠲᠤ ᠨᠠᠩ ᠡᠯᠪᠡᠭ ᠪᠠᠶᠠᠯᠢᠭ ᠣᠯᠠᠨ | ᠡᠰᠢᠲᠦ ᠵᠢᠭᠤᠯᠴᠢᠯᠠᠯ ᠢ ᠮᠡᠳᠡᠷᠡᠭᠦᠯᠵᠦ᠂ ᠰᠢᠯᠤᠭᠤᠨ ᠬᠥᠬᠡ ᠬᠤᠰᠢᠭᠤᠨ ᠤ ᠰᠣᠶᠣᠯ ᠵᠢᠭᠤᠯᠴᠢᠯᠠᠯ ᠤᠨ ᠴᠢᠨᠠᠷ | ᠰᠠᠶᠢᠲᠠᠶ ᠬᠦᠭᠵᠢᠯᠳᠡ ᠶᠢ ᠲᠦᠷᠭᠡᠳᠭᠡᠭᠦ ᠪᠠᠷ ᠴᠢᠷᠮᠠᠶᠢᠨ᠎ᠠ︾ ᠭᠡᠯᠡ᠃ | |