5 ᠰᠠᠷ᠎ᠠ ᠶᠢᠨ 21 ᠤ ᠡᠳᠦᠷ᠂ ᠰᠢᠯᠤᠭᠤᠨ ᠬᠥᠬᠡ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ | ᠰᠣᠷᠣᠯᠴᠠᠯᠭ᠎ᠠ ᠶᠢᠨ ᠭᠤᠣᠯᠳᠠᠯᠭᠠᠳᠣ ᠳᠤᠭᠤᠶᠢᠯᠠᠩ ᠤᠨ 2025 ᠣᠨ ᠤ ᠵᠢᠷᠭᠤᠳᠣᠭᠠᠷ ᠣᠳᠠᠭᠠᠨ ᠤ ᠬᠠᠮᠲᠤ ᠶᠢᠨ | ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠣᠵᠦ᠂ ᠬᠤᠰᠢᠭᠤ ᠨᠠᠮ ᠤᠨ ᠬᠤᠷᠢᠶᠠᠨ ᠤ ᠱᠦᠵᠢ ᠯᠢ | ᠪᠥᠸᠧ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠤᠹᠧᠰᠰᠤᠷ᠂ ᠬᠢᠯᠢ ᠬᠢᠵᠠᠭᠠᠷ | ᠤᠨ ᠬᠠᠭᠤᠴᠢ ᠰᠤᠳᠤᠯᠤᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠸᠧᠢ ᠵᠢᠶᠠᠨ ᠲᠤᠰᠬᠠᠢ ᠰᠡᠳᠦᠪ ᠢᠶᠠᠷ | ᠬᠢᠴᠢᠶᠡᠯᠯᠡᠪᠡ᠃ ᠸᠧᠢ ᠵᠢᠶᠠᠨ ᠫᠷᠤᠹᠧᠰᠰᠤᠷ ︽ᠶᠤᠸᠠᠨ ᠤ ᠳᠡᠭᠡᠳᠦ ᠨᠡᠶᠢᠰᠯᠡᠯ ᠤᠨ ᠪᠣᠯᠪᠠᠰᠤᠨ ᠤ ᠪᠠᠭᠤᠷᠢ︾ ᠪᠠᠷ | ᠰᠡᠳᠦᠪᠯᠡᠵᠦ᠂ ᠨᠠᠷᠢᠨ ᠪᠣᠳᠠᠲᠠᠢ ᠲᠡᠦᠬᠡᠨ ᠮᠠᠲ᠋ᠧᠷᠢᠶᠠᠯ ᠪᠣᠯᠤᠨ ᠰᠤᠳᠤᠯᠭᠠᠨ ᠤ ᠦᠷ᠎ᠡ ᠪᠦᠲᠦᠭᠡᠯ ᠢ ᠠᠰᠢᠭᠯᠠᠨ᠂ | ᠶᠤᠸᠠᠨ ᠤ ᠳᠡᠭᠡᠳᠦ ᠨᠡᠶᠢᠰᠯᠡᠯ ᠤᠨ ᠬᠠᠭᠤᠴᠢ ᠰᠤᠳᠤᠯᠤᠯ ᠤᠨ ᠰᠤᠳᠤᠯᠭᠠᠨ᠂ ᠶᠤᠸᠠᠨ ᠤ ᠳᠡᠭᠡᠳᠦ ᠨᠡᠶᠢᠰᠯᠡᠯ ᠤᠨ | ᠪᠠᠭᠤᠷᠢ ᠶᠢ ᠬᠠᠮᠠᠭᠠᠯᠠᠬᠤ ᠵᠡᠷᠭᠡ ᠲᠠᠯ᠎ᠠ ᠶᠢᠨ ᠪᠣᠳᠣᠯᠬᠢᠯᠠᠯ ᠤᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ | ᠬᠢᠪᠡ᠃ | ᠬᠤᠷᠠᠯ ᠠᠴᠠ ᠴᠢᠬᠤᠯᠠᠴᠢᠯᠬᠠᠰᠠᠨ ᠨᠢ᠂ ᠪᠥᠬᠦ ᠬᠤᠰᠢᠭᠤ ᠪᠠᠷ ᠢᠶᠠᠨ ᠨᠠᠮ ᠤᠨ ᠲᠥᠪ ᠬᠤᠷᠢᠶᠠᠨ ᠤ ︽ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠦᠨᠡᠥᠷᠲᠡᠭ ᠢ ᠠᠭᠤᠳᠠᠯᠬᠤ᠂ | ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠶᠯᠡᠰ ᠢ ᠠᠮᠢᠳᠤᠯᠢᠭ ᠪᠣᠯᠭᠠᠬᠤ︾ ᠠᠵᠢᠯ ᠤᠨ | ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠤᠸᠠᠨ ᠤ ᠳᠡᠭᠡᠳᠦ ᠨᠡᠶᠢᠰᠯᠡᠯ ᠤᠨ | ᠪᠠᠭᠤᠷᠢ ᠶᠢ ᠬᠠᠮᠠᠭᠠᠯᠠᠬᠤ ᠪᠠ ᠠᠰᠢᠭᠯᠠᠬᠤ ᠶᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ | ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ | ᠡᠭᠦᠷᠭᠡᠲᠦ ᠪᠣᠳᠣᠯ ᠢᠶᠠᠨ ᠦᠨᠡᠨ ᠬᠦ ᠴᠢᠩᠭᠠᠳᠬᠠᠵᠤ᠂ ᠳᠤᠮᠳᠠᠳᠤ ᠶᠢᠨ ᠪᠣᠯᠪᠠᠰᠤᠨ ᠤ ᠣᠶᠤᠨ ᠰᠠᠨᠠᠭᠠᠨ ᠤ ᠲᠦᠷᠢ | ᠲᠥᠷᠬᠦ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃ ︽ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ | ᠬᠠᠮᠠᠭᠠᠯᠠᠨ ᠬᠠᠮᠢᠶᠠᠷᠬᠤ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠬᠤ᠂ ᠬᠠᠮᠠᠭᠠᠯᠠᠬᠤ ᠠᠷᠭ᠎ᠠ ᠬᠡᠮᠵᠢᠶ᠎ᠡ ᠪᠠᠨ ᠤᠯᠠᠮ | ᠨᠢᠭᠡ ᠠᠯᠬᠤᠮ ᠲᠡᠭᠦᠯᠳᠡᠷᠵᠢᠭᠦᠯᠦᠨ᠂ ᠲᠡᠦᠬᠡ ᠶᠢᠨ ᠳᠤᠷᠠᠰᠬᠠᠯᠲᠤ ᠵᠦᠶᠯᠡᠰ ᠢ ᠬᠠᠮᠠᠭᠠᠯᠠᠬᠤ ᠲᠤᠰᠬᠠᠶ ᠮᠡᠷᠭᠡᠵᠢᠯ ᠤᠨ | ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠂ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢ ᠪᠦᠲᠦᠮᠵᠢᠲᠡᠶ | ᠬᠠᠮᠠᠭᠠᠯᠠᠬᠤ ᠶᠢ ᠪᠠᠲᠤᠯᠠᠬᠤ ᠬᠡᠷᠡᠭᠲᠡᠶ ᠬᠡᠯᠡ᠃ | ᠬᠤᠷᠠᠯ ᠠᠴᠠ ᠱᠠᠭᠠᠷᠳ᠋ᠬᠠᠰᠠᠨ ᠨᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠦᠵᠡᠮᠵᠢ ᠶᠢᠨ ᠣᠷᠣᠨ | ᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠪᠠᠷ ᠠᠵᠠ | ᠲᠣᠬᠢᠶᠠᠯ ᠪᠣᠯᠭᠠᠵᠤ᠂ ᠲᠥᠷᠥᠯ ᠵᠦᠶᠯ ᠤᠨ ᠪᠠᠯᠠ ᠮᠥᠩᠭᠦ ᠶᠢᠨ ᠳᠡᠮᠵᠢᠯᠭᠡ ᠶᠢ ᠣᠯᠵᠤ᠂ ᠬᠠᠮᠢᠶ᠎ᠠ ᠪᠥᠬᠦᠶ ᠰᠣᠶᠣᠯ | ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠰᠣᠶᠣᠯ ᠤᠨ ᠥᠪ ᠤᠨ | ᠬᠠᠮᠠᠭᠠᠯᠠᠯᠲᠠ ᠶᠢ ᠰᠣᠶᠣᠯ ᠵᠢᠭᠤᠯᠴᠢᠯᠠᠯ ᠤᠨ ᠠᠵᠤ ᠦᠶᠯᠡᠰ ᠲᠠᠢ ᠠᠭᠤᠰᠤᠯᠴᠠᠭᠤᠯᠤᠨ ᠬᠥᠭᠵᠢᠭᠦᠯᠬᠦ ᠶᠢ | ᠠᠬᠢᠭᠤᠯᠵᠦ᠂ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ︾ ᠶᠢᠨ ᠰᠣᠶᠣᠯ ᠤᠨ ᠦᠨ᠎ᠡ | ᠦᠷᠳᠡᠭᠢᠭᠦ᠋ᠨᠵᠡᠭᠡᠢᠠᠭᠤᠳᠠᠯᠵᠤ ᠬᠠᠮᠠᠭᠠᠯᠠᠨ ᠠᠰᠢᠭᠯᠠᠬᠤ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠳᠠᠲᠠᠢ ᠦᠢᠯᠡᠳᠦᠯᠭᠡ ᠪᠤᠯᠭᠠᠬᠤ ᠬᠡᠷᠡᠭᠲᠡᠢ ᠬᠡᠵᠡᠢ᠃ | | |